| | | 2 ᠳ᠋ᠤᠭᠠᠷ ᠰᠠᠷ᠎ᠠ ᠶᠢᠨ 15 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠠᠴᠠ ᠵᠢᠯᠣᠭᠤᠳᠤᠨ ᠳᠡᠮᠵᠢᠵᠦ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ᠂ | ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠬᠠᠮᠲᠤᠷᠠᠨ ᠡᠷᠬᠢᠯᠡᠭᠰᠡᠨ 2024 — 2025 ᠬᠥᠬᠡᠬᠤᠲᠠ ᠶᠢᠨ | ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠮᠣᠷᠢᠨ | ᠤᠷᠤᠯᠳᠤᠭᠠᠨ ᠤ ᠲᠠᠯᠠᠪᠠᠢ ᠶᠢᠨ ᠮᠥᠰᠥ ᠲᠡᠰᠢᠯᠲᠡ ᠶᠢᠨ ᠲᠠᠯᠠᠪᠠᠢ ᠳᠤ ᠡᠬᠢᠯᠡᠪᠡ᠃ ᠤᠷᠤᠯᠳᠤᠭᠠᠨ ᠨᠢ ︽ᠵᠠᠭᠤᠨ ᠲᠦᠮᠡᠨ | ᠵᠠᠯᠠᠭᠤᠴᠤᠳ ᠪᠠᠭᠠᠴᠤᠳ · ᠵᠠᠭᠤᠨ ᠰᠢᠶᠠᠨ ᠤ ᠡᠷᠡᠭᠦᠯ ᠮᠡᠨᠳᠦ ᠶᠢᠨ ᠠᠶᠠᠯᠠᠯ︾ ᠢᠶᠠᠷ ᠭᠤᠣᠯ ᠰᠡᠳᠦᠪ ᠪᠣᠯᠭᠠᠵᠤ᠂ | ᠬᠥᠬᠡᠬᠤᠲᠠ ᠣᠷᠣᠨ ᠤ ᠵᠠᠯᠠᠭᠤᠴᠤᠳ ᠪᠠᠭᠠᠴᠤᠳ ᠤᠨ ᠮᠥᠰᠥ ᠴᠠᠰᠤᠨ ᠤ ᠲᠠᠮᠢᠷᠴᠢᠳ ᠢ ᠨᠢᠭᠡ ᠤᠳᠠᠭᠠᠨ ᠤ ᠬᠤᠷᠳᠤᠴᠠ | ᠬᠢᠭᠡᠳ ᠣᠷᠭᠢᠯᠤᠮ᠎ᠠ ᠰᠡᠳᠬᠢᠯᠭᠡ ᠪᠢᠯᠬᠠᠭᠰᠠᠨ ᠮᠥᠰᠥ ᠴᠠᠰᠤᠨ ᠤ ᠪᠤᠯᠵᠤᠭ᠎ᠠ ᠳᠤ ᠴᠤᠭᠯᠠᠷᠠᠭᠤᠯᠵᠠᠢ᠃ | ᠰᠤᠷᠪᠤᠯᠵᠢᠯᠠᠭᠴᠢ ᠮᠢᠶᠤᠤ ᠰᠢᠨ ᠰᠡᠭᠦᠲᠡᠷᠯᠡᠪᠡ |