ᠪᠣᠣ ᠭᠠᠩ ᠲᠤᠭᠳᠠᠬᠤ ᠰᠢᠶᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ  ᠠᠵᠤ ᠦᠢᠯᠡᠳᠪᠦᠷᠢ ᠪᠠᠷ ᠰᠢᠶᠠᠨ ᠢᠶᠠᠨ ᠬᠦᠴᠦᠷᠬᠡᠭᠵᠢᠭᠦᠯᠦᠨ᠂ ᠠᠵᠤ ᠦᠢᠯᠡᠰ ᠢᠶᠠᠷ ᠰᠢᠶᠠᠨ ᠢᠶᠠᠨ ᠬᠦᠭᠵᠢᠭᠦᠯᠬᠦ ᠶᠢ ᠡᠷᠡᠰ ᠭᠤᠶᠢᠪᠢᠰᠢ ᠦᠭᠡᠢ ᠠᠬᠢᠭᠤᠯᠵᠤ  ᠬᠠᠲᠤᠨ ᠭᠤᠣᠯ ᠳᠠᠭᠠᠤ ᠶᠢᠨ ᠠᠵᠤ ᠦᠢᠯᠡᠰ ᠤᠨ ᠪᠦᠰᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ  ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠢᠯᠡᠭᠦᠦ ᠬᠤᠪᠢ ᠨᠡᠮᠡᠷᠢ ᠦᠵᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2025/2/18
      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 17 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠣᠭᠲᠠᠬᠤ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ᠂ ᠠᠵᠤ ᠠᠬᠤᠶᠢᠯᠠᠯ ᠤᠨ ᠡᠵᠡᠩᠨᠡᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠭᠰᠠᠨ ᠪᠥᠭᠡᠳ ᠲᠣᠭᠲᠠᠬᠤ ᠰᠢᠶᠠᠨ᠂ ᠴᠢᠩ ᠱᠦᠶ ᠾᠧ ᠰᠢᠶᠠᠨ ᠤ ᠬᠠᠲᠤᠨ ᠭᠤᠤᠯ ᠳᠠᠭᠠᠤ ᠶᠢᠨ ᠠᠵᠤ ᠦᠢᠯᠡᠰ ᠤᠨ ᠪᠦᠰᠡ ᠶᠢᠨ ᠬᠥᠭᠵᠢᠯᠲᠡ ᠶᠢ ᠠᠬᠢᠭᠤᠯᠬᠤ ᠵᠢᠴᠢ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠪᠣᠣ ᠭᠠᠩ ᠤᠷᠢᠳ ᠬᠤᠵᠢᠳ ᠶᠢᠨ ᠾᠧ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠯᠢᠦᠢ ᠸᠧᠢ ᠺᠠᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠵᠦᠩ ᠴᠤᠸᠠᠨ ᠫᠠᠢ ᠷᠦᠢ ᠣᠨᠴᠠ ᠬᠡᠢ ᠵᠡᠷᠭᠡ ᠠᠵᠤ ᠠᠬᠤᠶᠢᠯᠠᠯ ᠳᠤ ᠬᠦᠷᠴᠦ᠂ ᠬᠦᠷᠢᠶᠡᠯᠡᠩ ᠲᠣᠭᠤᠷᠢᠭ ᠤᠨ ᠢᠵᠢ ᠪᠦᠷᠢᠳᠦᠭᠦᠯᠦᠭᠰᠡᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠨ ᠠᠰᠢᠭᠯᠠᠬᠤ ᠵᠢᠴᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠭᠠᠷᠤᠯᠲᠠ ᠶᠢᠨ ᠬᠡᠮᠵᠢᠶ᠎ᠡ   ᠦᠷᠳᠡᠭ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠪᠠᠰᠠ ᠶᠠᠮᠠᠷ ᠬᠦᠴᠢᠷᠳᠡᠯ ᠢ ᠰᠢᠢᠳᠪᠦᠷᠢᠯᠡᠬᠦ ᠴᠢᠬᠤᠯᠠᠲᠠᠢ ᠪᠠᠶᠢᠬᠤ ᠶᠢ ᠠᠰᠠᠭᠤᠵᠤ᠂ ᠠᠵᠤ ᠠᠬᠤᠶᠢᠯᠠᠯ ᠢ ᠨᠡᠩ ᠤᠯᠠᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠠᠵᠤ ᠦᠢᠯᠡᠰ ᠢ ᠲᠠᠶᠢᠴᠢᠯᠠᠨ ᠣᠷᠣᠨ ᠤ ᠲᠥᠪ ᠬᠤᠳᠠ ᠳᠤ ᠨᠠᠶᠢᠳᠠᠪᠤᠷᠢᠵᠢᠨ᠂  ᠲᠥᠪᠯᠡᠷᠡᠨ ᠬᠥᠭᠵᠢᠬᠦ ᠶᠢ ᠵᠣᠷᠢᠭᠵᠢᠭᠤᠯᠪᠠ᠃      ᠪᠣᠣ ᠭᠠᠩ ᠬᠡᠯᠡᠬᠦ ᠳᠡᠭᠡᠨ᠂ ᠬᠠᠲᠤᠨ ᠭᠤᠣᠯ ᠳᠠᠭᠠᠤ ᠶᠢᠨ ᠠᠵᠤ ᠦᠢᠯᠡᠰ ᠤᠨ ᠪᠦᠰᠡ ᠶᠢᠨ ᠲᠦᠷᠭᠡᠨ ᠬᠥᠭᠵᠢᠯᠲᠡ ᠶᠢ ᠠᠬᠢᠭᠤᠯᠬᠤ ᠪᠣᠯ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠮᠥᠨ᠃ ᠲᠤᠭᠳᠠᠬᠤ ᠴᠢᠩ ᠱᠦᠢ ᠾᠧ ᠬᠤᠶᠠᠷ ᠰᠢᠶᠠᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠤ ᠦᠢᠯᠡᠳᠪᠦᠷᠢ ᠪᠠᠷ ᠰᠢᠶᠠᠨ ᠢ ᠬᠦᠴᠦᠷᠬᠡᠭᠵᠢᠭᠦᠯᠬᠦ ᠤᠢᠢᠯᠠᠭᠠᠭᠳᠠᠬᠤᠨ ᠢ ᠪᠠᠲᠤᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ᠂ ᠡᠨᠧᠷᠭᠢ᠂ ᠨᠡᠶᠢᠯᠡᠮᠡᠯ ᠠᠮᠢᠳᠤ ᠪᠣᠳᠠᠰ᠂ ᠤᠳᠤ ᠦᠶ᠎ᠡ ᠶᠢᠨ ᠬᠢᠮᠢ ᠶᠢᠨ ᠠᠵᠤ ᠦᠢᠯᠡᠳᠪᠦᠷᠢ ᠪᠣᠯᠤᠨ ᠰᠢᠨ᠎ᠡ ᠮᠠᠲ᠋ᠧᠷᠢᠶᠠᠯ ᠵᠡᠷᠭᠡ ᠭᠤᠣᠯᠯᠠᠬᠤ ᠠᠵᠤ ᠦᠢᠯᠡᠰ ᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢ ᠥᠨᠳᠥᠷ ᠨᠡᠮᠡᠯᠲᠡ ᠦᠷᠳᠡᠭ  ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠢᠵᠢ ᠪᠦᠷᠢᠳᠦᠭᠦᠯᠦᠨ ᠬᠥᠭᠵᠢᠭᠦᠯᠵᠦ᠂ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠭᠠᠳᠠᠭᠰᠢ ᠨᠡᠭᠡᠭᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠬᠤ ᠶᠢ ᠴᠢᠩᠭ᠎ᠠ ᠠᠳᠬᠤᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠪᠠᠷ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠵᠦᠷᠢᠶᠡᠴᠢᠯᠡᠨ᠂ ᠬᠠᠷᠢᠯᠴᠠᠨ ᠨᠥᠬᠦᠪᠥᠷᠢᠯᠡᠬᠦ ᠴᠢᠨᠠᠷᠲᠠᠢ ᠬᠦᠭᠵᠢᠵᠦ᠂ ᠬᠦᠷᠢᠶᠡᠯᠡᠩ ᠲᠣᠭᠤᠷᠢᠭ ᠤᠨ ᠪᠡᠯᠡ ᠣᠷᠣᠭᠤᠯᠤᠯᠲᠠ ᠶᠢᠨ ᠣᠷᠴᠢᠨ ᠨᠦᠬᠦᠴᠡᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠴᠢᠩᠭᠠᠳᠬᠠᠬᠤ ᠬᠡᠷᠡᠭᠲᠡᠢ᠃ ᠯᠣᠣ ᠨᠢᠤ ᠸᠠᠨ ᠤ 5A ᠲᠠᠰ ᠤᠨ ᠦᠵᠡᠮᠵᠢ ᠶᠢᠨ ᠣᠷᠣᠨ ᠤ ︽ᠠᠯᠲᠠᠨ ᠦᠰᠦᠭᠲᠦ ᠫᠠᠶᠢᠰᠠ︾ ᠶᠢ ᠰᠠᠶᠢᠲᠤᠷ ᠬᠡᠷᠡᠭᠯᠡᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠰᠢᠯᠢᠳᠡᠭᠵᠢᠭᠦᠯᠬᠦ ᠬᠡᠷᠡᠭᠲᠡᠶ᠃ ᠠᠵᠤ ᠠᠬᠤᠢ ᠶᠢᠨ ᠲᠤᠬᠢᠷᠠᠭᠤᠯᠤᠯᠳᠠ ᠶᠢ ᠴᠢᠩᠭᠠᠳᠬᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠡᠢ᠃      ᠼᠤᠤ ᡁᠢ᠂ ᠵᠠᠩ ᠺᠧ ᠯᠢᠩ᠂ ᠲᠠᠯ᠎ᠠ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ