ᠬᠥᠬᠡᠬᠤᠲᠠ ᠶᠢᠨ ᠰᠠᠨᠰᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠡᠬᠢᠯᠡᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠪᠡ
ᠨᠡᠶᠢᠲᠡᠯᠡᠭᠰᠡᠨ ᠴᠠᠭ᠄
2025/2/18
      ︵ᠰᠤᠷᠪᠤᠯᠵᠢᠯᠠᠭᠴᠢ ᠯᠢᠦ ᠯᠢ ᠰᠢᠶᠠ︶ ᠬᠥᠬᠡᠬᠤᠲᠠ ᠶᠢᠨ ᠣᠯᠠᠨ ᠨᠡᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠦᠢᠯᠡᠴᠢᠯᠡᠭᠡᠨ ᠤ ᠲᠠᠪᠴᠠᠩ ᠬᠥᠬᠡᠬᠤᠲᠠ ᠶᠢᠨ ᠰᠠᠨᠰᠠᠷ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠳᠤ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ ᠢ ᠡᠬᠢᠯᠡᠭᠦᠯᠪᠡ᠃      ᠣᠶᠢᠯᠠᠭᠠᠭᠰᠠᠨ ᠢᠶᠠᠷ᠂ ᠲᠥᠷᠥᠯ ᠵᠦᠢᠯ ᠤᠨ ᠪᠡᠯᠡ ᠣᠷᠣᠭᠤᠯᠤᠯᠲᠠ 1207.61 ᠲᠦᠮᠡᠨ ᠲᠥᠭᠦᠷᠢᠭ ᠪᠠᠶᠢᠵᠤ᠂ 14000 ᠲᠡᠭᠰᠢ ᠳᠥᠷᠪᠡᠯᠵᠢᠨ  ᠮᠧᠲᠷ ᠤᠨ ᠪᠠᠷᠢᠯᠭ᠎ᠠ ᠶᠢ ᠰᠢᠨᠡᠳᠭᠡᠨ ᠥᠭᠡᠷᠡᠴᠢᠯᠡᠵᠦ᠂ ᠤᠰᠤ ᠴᠠᠬᠢᠯᠭᠠᠨ᠂ ᠵᠠᠮ ᠤᠨ ᠭᠠᠳᠠᠷᠭᠤ᠂ ᠳᠤᠯᠠᠭᠠᠯᠠᠭ᠎ᠠ᠂ ᠬᠢᠨᠠᠨ ᠡᠵᠡᠮᠳᠡᠬᠦ ᠵᠡᠷᠭᠡ ᠣᠯᠠᠨ ᠲᠠᠯ᠎ᠠ ᠶᠢ ᠬᠠᠮᠤᠷᠴᠤ᠂ ᠣᠷᠣᠨ ᠤ ᠲᠥᠪ ᠬᠤᠲᠠ ᠶᠢᠨ ᠳᠣᠣᠷ᠎ᠠ ᠤᠭᠲᠠᠷᠭᠤᠢ ᠶᠢᠨ ᠠᠵᠤ ᠠᠬᠤᠢ ᠶᠢᠨ ᠬᠥᠭᠵᠢᠯᠲᠡ ᠳᠤ ᠬᠠᠲᠠᠭᠤ ᠲᠣᠨᠤᠭ ᠤᠨ ᠰᠠᠭᠤᠷᠢ ᠶᠢ ᠪᠠᠬᠢᠵᠢᠭᠦᠯᠬᠦ ᠪᠣᠯᠣᠨ᠎ᠠ᠃ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠰᠠᠭᠤᠷᠢᠰᠢᠭᠰᠠᠨ ᠠᠵᠤ ᠠᠬᠤᠶᠢᠯᠠᠯ ᠳᠤ ᠲᠦᠭᠵᠢᠷᠡᠯ ᠢ ᠨᠡᠪᠲᠡᠷᠡᠭᠦᠯᠵᠦ᠂ ᠳᠠᠷᠤᠭᠠᠰᠤ ᠶᠢ ᠬᠦᠩᠭᠡᠷᠡᠭᠦᠯᠵᠦ᠂ ᠴᠢᠳᠠᠪᠤᠷᠢ ᠣᠯᠭᠤᠵᠤ᠂ ᠨᠡᠩ ᠰᠢᠯᠢᠳᠡᠭ ᠡᠵᠡᠩᠨᠡᠯᠲᠡ ᠶᠢᠨ ᠣᠷᠴᠢᠨ ᠨᠦᠬᠦᠴᠡᠯ ᠢ ᠪᠤᠢ ᠪᠣᠯᠭᠠᠵᠤ᠂ ᠨᠡᠩ ᠤᠯᠠᠨ ᠰᠢᠯᠢᠳᠡᠭ ᠠᠵᠤ ᠠᠬᠤᠶᠢᠯᠠᠯ ᠪᠣᠯᠤᠨ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠦᠯᠦᠭᠵᠢᠯᠲᠡ᠂ ᠬᠦᠷᠢᠶᠡᠯᠡᠩ ᠲᠣᠭᠤᠷᠢᠭ ᠤᠨ ᠬᠡᠪᠴᠢᠶᠡᠵᠢᠭᠰᠡᠨ ᠬᠥᠭᠵᠢᠯᠲᠡ ᠶᠢ ᠠᠬᠢᠭᠤᠯᠬᠤ ᠪᠤᠯᠤᠨ᠎ᠠ᠃
ᠢᠷᠡᠯᠲᠡ᠄ ᠲᠣᠲᠣᠷᠬᠠᠢ ᠦᠭᠡᠢ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ