︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠶᠢᠨ ᠡᠳᠦᠷ᠂ ᠰᠤᠷᠪᠤᠯᠵᠢᠯᠠᠭᠴᠢ ᠣᠶᠢᠯᠠᠭᠠᠭᠰᠠᠨ ᠢᠶᠠᠷ᠂ 1 ᠳ᠋ᠦ᠋ᠭᠡᠷ ᠰᠠᠷ᠎ᠠ ᠳᠤ᠂ ᠬᠥᠬᠡᠬᠤᠲᠠ | ︽ ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠨᠡᠶᠢᠲᠡ 28029.7 ᠲᠦᠮᠡᠨ ᠲᠥᠭᠦᠷᠢᠭ ᠤᠨ ᠨᠥᠬᠦᠪᠥᠷᠢ ᠮᠥᠩᠭᠦ ᠲᠠᠷᠬᠠᠭᠠᠵᠤ᠂ ᠡᠭᠦᠨ ᠳᠤ | ᠲᠠᠷᠢᠶᠠᠴᠢᠳ ᠤᠨ ᠨᠥᠬᠦᠪᠥᠷᠢ 25342.5 ᠲᠦᠮᠡᠨ ᠲᠥᠭᠦᠷᠢᠭ ᠪᠠᠶᠢᠵᠦ᠂ 90.4% ᠶᠢ ᠡᠵᠡᠯᠡᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠨᠥᠬᠦᠪᠥᠷᠢ 2687.2 ᠲᠦᠮᠡᠨ ᠲᠥᠭᠦᠷᠢᠭ ᠪᠠᠶᠢᠵᠦ᠂ 9.6% ᠶᠢ ᠡᠵᠡᠯᠡᠪᠡ᠃ ᠪᠥᠬᠦ ᠬᠤᠲᠠ ᠶᠢᠨ 89 ᠰᠢᠶᠠᠩ ᠪᠠᠯᠭᠠᠰᠤ ᠵᠢᠴᠢ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠢ ᠬᠠᠮᠤᠷᠴᠤ᠂ 53.6 ᠲᠦᠮᠡᠨ ᠬᠥᠮᠦᠨ ᠤᠳᠠᠭ᠎ᠠ ᠲᠠᠷᠬᠠᠭᠠᠪᠠ᠂ ᠡᠭᠦᠨ ᠳᠤ ᠬᠥᠳᠡᠭᠡ ᠲᠣᠰᠬᠤᠨ ᠤ ᠨᠥᠬᠦᠪᠥᠷᠢ ᠥᠭᠬᠦ ᠡᠲᠡᠭᠡᠳ | 51 ᠲᠦᠮᠡᠨ ᠬᠥᠮᠦᠨ ᠤᠳᠠᠭ᠎ᠠ ᠳᠤ ᠬᠦᠷᠴᠦ᠂ 95.15% ᠶᠢ ᠡᠵᠡᠯᠡᠨ᠎ᠡ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠥᠬᠦᠪᠥᠷᠢ ᠥᠭᠬᠦ ᠡᠲᠡᠭᠡᠳ | 2.6 ᠲᠦᠮᠡᠨ ᠬᠥᠮᠦᠨ ᠤᠳᠠᠭ᠎ᠠ ᠳᠤ ᠬᠦᠷᠴᠦ᠂ 4.85% ᠶᠢ ᠡᠵᠡᠯᠡᠨ᠎ᠡ᠃ | 1 ᠳ᠋ᠦ᠋ᠭᠡᠷ ᠰᠠᠷ᠎ᠠ ᠳᠤ᠂ ᠬᠥᠬᠡᠬᠤᠲᠠ ︽ᠪᠦᠷᠢᠨ ᠴᠢᠳᠠᠮᠵᠢᠲᠤ ᠺᠠᠷᠲ︾ ᠢᠶᠠᠷ ᠳᠠᠮᠵᠢᠭᠤᠯᠤᠨ ᠲᠠᠷᠬᠠᠭᠠᠭᠰᠠᠨ ᠪᠡᠯᠡ ᠮᠥᠩᠭᠦ ᠶᠢᠨ ᠨᠥᠬᠦᠪᠦᠷᠢ ᠶᠢᠨ | ᠲᠥᠷᠥᠯ ᠵᠦᠢᠯ ᠨᠡᠶᠢᠲᠡ ᠵᠢᠷᠭᠤᠭᠠᠨ ᠬᠦᠷᠢᠶᠡᠨ ᠤ 35 ᠲᠥᠷᠥᠯ 41 ᠵᠦᠢᠯ ᠪᠤᠯᠤᠨ᠎ᠠ᠃ ᠲᠠᠷᠬᠠᠭᠠᠭᠰᠠᠨ ᠡᠳ᠋ ᠤᠨ ᠵᠠᠰᠠᠭ ᠤᠨ ᠨᠥᠬᠦᠪᠥᠷᠢ ᠳᠤ᠂ | ᠵᠣᠭᠤᠰ ᠤᠨ ᠲᠤᠭ᠎ᠠ ᠨᠢ ᠨᠡᠯᠢᠶᠡᠳ ᠶᠡᠭᠡ ᠨᠢ᠄ ᠨᠡᠶᠢᠭᠡᠮ ᠤᠨ ᠪᠠᠲᠤᠯᠠᠭ᠎ᠠ ᠶᠢᠨ ᠲᠥᠷᠥᠯ᠂ ᠴᠠᠯᠢᠩ ᠤᠨ ᠨᠥᠬᠦᠪᠥᠷᠢ ᠶᠢᠨ ᠲᠥᠷᠥᠯ᠂ ᠪᠥᠲᠥᠭᠡᠨ | ᠪᠠᠶᠢᠭᠤᠯᠤᠯᠲᠠ ᠶᠢᠨ ᠲᠥᠷᠥᠯ᠂ ᠲᠥᠯᠥᠪᠯᠡᠭᠡᠲᠦ ᠦᠷᠡᠵᠢᠯ ᠤᠨ ᠲᠥᠷᠥᠯ᠂ ᠣᠶ ᠰᠢᠭᠤᠶ ᠶᠢᠨ ᠲᠥᠷᠥᠯ ᠵᠡᠷᠭᠡ ᠠᠷᠠᠳ ᠤᠨ ᠠᠮᠢᠳᠤᠷᠠᠯ ᠤᠨ ᠲᠠᠪᠤᠨ ᠶᠡᠭᠡ | ᠲᠥᠷᠥᠯ ᠤᠨ ᠨᠥᠬᠦᠪᠥᠷᠢ ᠮᠥᠩᠭᠦ ᠲᠣᠰ ᠲᠣᠰ 68.2%᠂ 16.48%᠂ 7.8%᠂ 6.6%᠂ 0.7% ᠶᠢ ᠡᠵᠡᠯᠡᠨ᠎ᠡ᠃ | |