︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠷᠭᠠᠨ ᠵᠠᠮ ᠤᠨ ᠶᠡᠭᠡ ᠵᠠᠮ᠂ ᠪᠸᠢ ᠶᠤᠸᠠᠨ ᠵᠡᠭᠡᠯᠢ | ᠵᠡᠷᠭᠡ ᠭᠤᠤᠯᠳᠠᠯᠭ᠎ᠠ ᠲᠠᠢ ᠵᠠᠮ ᠢ ᠳᠡᠭᠡᠭᠰᠢᠯᠡᠭᠦᠯᠦᠨ ᠰᠠᠶᠢᠵᠢᠷᠠᠭᠤᠯᠬᠤ ᠵᠢᠴᠢ ᠪᠠᠭ᠎ᠠ ᠲᠦᠷᠭᠡᠨ ᠭᠤᠤᠯ ᠤᠨ ᠬᠤᠲᠠ ᠶᠢ ᠲᠣᠭᠤᠷᠢᠭᠰᠠᠨ ᠤᠰᠤᠨ ᠪᠦᠰᠡ ᠶᠢ ᠶᠡᠷᠦᠩᠬᠡᠶᠢᠯᠡᠨ ᠵᠠᠰᠠᠬᠤ | ᠲᠥᠰᠦᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ | ᠪᠣᠣ ᠭᠠᠩ ᠬᠡᠯᠡᠬᠦ ᠳᠡᠭᠡᠨ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠪᠣᠯ ᠰᠠᠭᠤᠭᠠᠯᠢ ᠠᠷᠠᠳ ᠲᠤ ᠮᠡᠳᠡᠷᠡᠭᠳᠡᠵᠦ ᠪᠠᠷᠢᠭᠳᠠᠬᠤ ᠠᠷᠠᠳ ᠤᠨ ᠠᠮᠢᠳᠤᠷᠠᠯ ᠤᠨ | ᠢᠨᠵᠧᠨᠧᠷᠢᠩ ᠮᠥᠨ᠂ ᠪᠠᠰᠠ ᠴᠤ ᠬᠤᠳᠠ ᠶᠢᠨ ᠦᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠲᠠᠢ ᠬᠤᠯᠪᠣᠭᠳᠠᠨ᠎ᠠ᠃ ᠤᠶᠢᠷ᠎ᠠ ᠶᠢᠨ ᠵᠢᠯ ᠳᠤ᠂ ᠮᠠᠨᠤᠰ ᠤᠨ | ᠬᠤᠲᠠ ᠶᠢᠨ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ ᠳᠡᠭᠡᠭᠰᠢᠯᠡᠭᠰᠡᠨ ᠪᠣᠯᠪᠠᠴᠤ ᠤᠷᠤᠨ ᠤ ᠲᠥᠪ ᠬᠤᠲᠠ ᠶᠢᠨ ᠪᠠᠶᠢᠷᠢ ᠰᠠᠭᠤᠷᠢ ᠪᠠ ᠬᠤᠲᠠ ᠶᠢᠨ ᠠᠷᠠᠳ ᠤᠨ ᠬᠦᠰᠡᠯ | ᠡᠷᠡᠮᠡᠯᠵᠡᠯ ᠲᠠᠢ ᠪᠠᠰᠠ ᠵᠥᠷᠢᠶ᠎ᠡ ᠲᠠᠢ ᠪᠠᠢᠭᠰᠠᠭᠠᠷ᠃ ᠠᠷᠠᠳ ᠲᠦᠮᠡᠨ ᠤ ᠬᠤᠲᠠ ᠶᠢ ᠠᠷᠠᠳ ᠲᠦᠮᠡᠨ ᠳᠤ ᠦᠢᠯᠡᠴᠢᠯᠡᠭᠦᠯᠬᠦ ᠣᠶᠢᠯᠠᠭᠠᠭᠳᠠᠬᠤᠨ ᠢ ᠢᠮᠠᠭᠲᠠ ᠲᠤᠭᠤᠰᠢᠯᠠᠭᠤᠯᠵᠤ᠂ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠣᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠤᠲᠠ ᠶᠢᠨ ᠠᠷᠠᠳ ᠢ ᠨᠡᠩ ᠣᠯᠠᠨ ᠬᠦᠷᠲᠡᠮᠵᠢ ᠶᠢᠨ | ᠲᠦᠷᠦᠭᠳᠡᠯ ᠵᠣᠯ ᠵᠢᠷᠭᠠᠯᠲᠤ ᠲᠦᠷᠦᠭᠳᠡᠯ ᠲᠠᠢ ᠪᠣᠯᠭᠠᠬᠤ ᠬᠡᠷᠡᠭᠲᠡᠢ᠃ ᠲᠡᠷᠢᠭᠦᠨ ᠤ ᠭᠠᠵᠠᠷ ᠣᠷᠣᠨ ᠠᠴᠠ ᠢᠯᠡᠭᠦᠬᠡᠨ ᠰᠤᠷᠤᠯᠴᠠᠵᠤ᠂ ᠬᠤᠲᠠ ᠶᠢᠨ ᠪᠤᠯᠴᠢᠩ ᠤᠨ ᠵᠦᠢ ᠳᠤ | ᠨᠡᠶᠢᠴᠡᠭᠦᠯᠵᠦ᠂ ᠶᠡᠬᠡᠪᠡᠷ ᠨᠤᠷᠠᠭᠠᠵᠤ ᠶᠡᠬᠡᠪᠡᠷ ᠪᠠᠶᠢᠭᠤᠯᠬᠤ ᠦᠭᠡᠶ ᠪᠠᠶᠢᠵᠤ᠂ ᠨᠠᠷᠢᠨ ᠵᠦᠢᠯᠡᠰ ᠤᠨ ᠳᠡᠭᠡᠷ᠎ᠡ ᠢᠯᠡᠭᠦᠬᠡᠨ ᠬᠦᠴᠦ ᠣᠷᠣᠭᠤᠯᠵᠤ᠂ ᠵᠣᠭᠤᠰ ᠢᠶᠠᠨ ᠵᠠᠩᠭᠢᠯᠠᠭ᠎ᠠ ᠶᠢᠨ | ᠭᠠᠵᠠᠷ ᠲᠤ ᠵᠠᠷᠤᠴᠠᠭᠤᠯᠵᠤ᠂ ᠰᠣᠳᠣᠨ ᠪᠦᠲᠦᠭᠡᠯ ᠢ ᠡᠭᠦᠳᠬᠦ ᠳᠡᠭᠡᠷ᠎ᠡ ᠬᠦᠴᠦ ᠣᠷᠣᠭᠤᠯᠵᠤ᠂ ᠬᠤᠲᠠ ᠶᠢᠨ ᠬᠠᠮᠢᠶᠠᠷᠤᠯᠲᠠ ᠶᠢᠨ ᠰᠢᠨ᠎ᠡ ᠣᠶᠢᠯᠠᠭᠠᠭᠳᠠᠬᠤᠨ ᠪᠠ ᠮᠡᠷᠭᠡᠵᠢᠯ ᠤᠨ | ᠠᠷᠭ᠎ᠠ ᠪᠠᠷᠢᠯ ᠢᠶᠠᠷ ᠬᠤᠲᠠ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠶ᠃ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ᠂ | ᠬᠤᠳᠠ ᠶᠢᠨ ᠪᠦᠬᠦᠯᠢ ᠴᠣᠭᠴᠠᠲᠤ ᠴᠢᠨᠠᠷ᠂ ᠣᠷᠣᠰᠢᠨ ᠰᠠᠭᠤᠬᠤ ᠲᠤᠬᠢᠷᠠᠮᠵᠢᠲᠦ ᠴᠢᠨᠠᠷ᠂ ᠪᠠᠭᠲᠠᠭᠠᠮᠵᠢᠲᠤ ᠴᠢᠨᠠᠷ ᠪᠣᠯᠣᠨ ᠦᠰᠦᠯᠲᠡᠲᠦ ᠴᠢᠨᠠᠷ ᠢ ᠴᠢᠬᠤᠯᠠᠴᠢᠯᠠᠵᠤ᠂ ᠭᠠᠵᠠᠷ | ᠣᠷᠣᠨ ᠤ ᠬᠠᠮᠲᠤᠷᠠᠯᠴᠠᠭ᠎ᠠ ᠪᠣᠯᠣᠨ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠬᠦ᠂ | ᠨᠣᠭᠤᠭᠠᠷᠠᠭᠤᠯᠤᠯᠲᠠ ᠶᠢ ᠳᠡᠭᠡᠭᠰᠢᠯᠡᠭᠦᠯᠬᠦ᠂ ᠦᠵᠡᠮᠵᠢ ᠶᠢᠨ ᠵᠢᠵᠢᠭ ᠵᠦᠢᠯᠡᠰ ᠢ ᠴᠣᠭᠴᠠᠯᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ᠂ ᠰᠣᠶᠣᠯ | ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠠᠭᠤᠰᠤᠯᠴᠠᠭᠤᠯᠬᠤ᠂ ᠲᠡᠦᠬᠡ ᠰᠣᠶᠣᠯ ᠢ ᠬᠠᠮᠠᠭᠠᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠩ | ᠤᠯᠠᠨ ᠲᠣᠭᠤᠷᠢᠨ ᠦᠵᠡᠬᠦ ᠰᠤᠳᠤᠨ ᠴᠡᠭ᠂ ᠵᠤᠭᠠᠴᠠᠯ ᠰᠡᠭᠦᠳᠡᠷᠯᠡᠯ ᠤᠨ ᠭᠠᠵᠠᠷ ᠢ ᠪᠠᠶᠢᠭᠤᠯᠵᠤ᠂ ᠤᠷᠤᠨ ᠤ ᠲᠥᠪ ᠬᠤᠳᠠ ᠶᠢ ᠲᠤᠰ ᠭᠠᠵᠠᠷ ᠤᠨ ᠬᠥᠮᠥᠰ ᠤᠨ ᠣᠮᠣᠭᠰᠢᠯ ᠲᠠᠢ᠂ | ᠭᠠᠳᠠᠷ ᠣᠷᠣᠨ ᠤ ᠬᠥᠮᠥᠰ ᠤᠨ ᠬᠦᠰᠡᠨ ᠮᠦᠷᠦᠭᠡᠳᠬᠦ ᠤᠳᠤ ᠦᠶ᠎ᠡ ᠶᠢᠨ ᠬᠤᠳᠠ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠡᠢ᠃ | ᠼᠤᠤ ᡁᠢ᠂ ᠹᠦ᠋ ᠶᠢᠨ ᠽᠠᠢ ᠵᠢᠴᠢ ᠬᠤᠳᠠ ᠶᠢᠨ ᠲᠦᠷᠪᠡᠨ ᠲᠣᠭᠤᠷᠢᠭ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ | |