ᠾᠧ ᠬᠠᠢ ᠳ᠋ᠦᠩ ᠶᠠᠷᠢᠶ᠎ᠠ ᠲᠠᠯᠪᠢᠵᠠᠢ | ︵ᠰᠤᠷᠪᠤᠯᠵᠢᠯᠠᠭᠴᠢ ᠯᠢᠶᠠᠩ ᠵᠢᠩ ᠱᠥ︶ 2 ᠳ᠋ᠤᠭᠠᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ 2025 ᠣᠨ ᠤ ᠴᠢᠨᠠᠷ | ᠰᠠᠶᠢᠲᠠᠶ ᠬᠥᠭᠵᠢᠯᠲᠡ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠬᠤᠷᠢᠨᠭᠡᠷ ᠰᠢᠨ᠎ᠡ ᠲᠣᠭᠤᠷᠢᠭ ᠤᠨ | 2024 ᠣᠨ ᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠳ᠋ᠦᠩᠨᠡᠵᠦ᠂ 2025 ᠣᠨ ᠤ ᠭᠤᠤᠯᠳᠠᠯᠭ᠎ᠠ ᠲᠠᠢ ᠠᠵᠢᠯ ᠪᠠ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠢ ᠨᠠᠷᠢᠨ ᠪᠠᠶᠢᠷᠢᠯᠠᠭᠤᠯᠵᠤ᠂ 2024 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠡᠷᠢᠭᠦᠨ ᠤ ᠨᠢᠭᠡᠴᠢ᠂ ᠲᠡᠷᠢᠭᠦᠨ ᠤ | ᠳᠡᠮᠵᠢᠭᠰᠡᠨ ᠨᠢᠭᠡᠴᠢ ᠪᠠ ᠬᠤᠪᠢ ᠬᠥᠮᠦᠨ ᠢ ᠵᠠᠷᠯᠠᠨ ᠰᠠᠶᠢᠰᠢᠶᠠᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ | ᠬᠤᠷᠠᠯ ᠠᠴᠠ ᠱᠠᠭᠠᠷᠳᠠᠭᠰᠠᠨ ᠨᠢ᠂ ᠰᠢᠨ᠎ᠡ ᠲᠣᠭᠤᠷᠢᠭ ᠤᠨ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠪᠠᠶᠢᠳᠠᠯ ᠢ ᠲᠣᠳᠣᠷᠬᠠᠢ ᠲᠠᠨᠢᠵᠤ᠂ ᠢᠲᠡᠭᠡᠯ ᠵᠣᠷᠢᠭ ᠢᠶᠠᠨ | ᠪᠠᠲᠤᠳᠬᠠᠵᠤ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠳᠤᠮᠳᠠ ᠵᠣᠷᠢᠭᠲᠠᠢ ᠪᠠᠷ ᠴᠢᠬᠤᠯᠠ ᠡᠭᠦᠷᠭᠡ ᠶᠢ ᠡᠭᠦᠷᠭᠡᠯᠡᠵᠦ᠂ ᠡᠮᠦᠨ᠎ᠡ ᠡᠩᠨᠡᠭᠡᠨ ᠳᠤ ᠶᠠᠪᠤᠬᠤ ᠬᠡᠷᠡᠭᠲᠡᠢ᠃ ᠪᠦᠬᠦ ᠲᠠᠯ᠎ᠠ ᠶᠢᠨ ᠵᠤᠭᠰᠤᠴᠠ ᠠᠴᠠ᠂ | ᠭᠤᠣᠯᠳᠠᠯᠭ᠎ᠠ ᠶᠢ ᠳᠤᠪᠤᠶᠢᠯᠭᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ | ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠡᠮᠦᠨ᠎ᠡ ᠬᠡᠰᠡᠭ ᠤᠨ ᠠᠵᠤ ᠦᠢᠯᠡᠰ ᠤᠨ ᠪᠦᠰᠡ ᠶᠢᠨ | ᠪᠦᠳᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ | ᠬᠦᠴᠦᠨ ᠤ ᠬᠤᠰᠢᠭᠤᠴᠢ ᠣᠷᠣᠨ ᠢ ᠪᠠᠶᠢᠭᠤᠯᠬᠤ ᠬᠡᠷᠡᠭᠲᠡᠢ᠃ ᠰᠢᠨ᠎ᠡ ᠨᠢᠭᠡ ᠡᠭᠡᠯᠵᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ | ᠬᠤᠳᠠᠯᠳᠤᠭᠠᠴᠢᠨ ᠤᠷᠢᠬᠤ ᠶᠢ ᠶᠡᠬᠡᠪᠡᠷ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠰᠢᠭᠤᠴᠢ ᠪᠣᠯᠬᠤ ᠪᠠᠷ ᠴᠢᠷᠮᠠᠶᠢᠬᠤ ᠬᠡᠷᠡᠭᠲᠡᠢ᠃ ᠠᠭᠤᠰᠤᠯᠴᠠᠨ | ᠬᠥᠭᠵᠢᠬᠦ ᠶᠢ ᠪᠠᠷᠢᠮᠲᠠᠯᠠᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠤᠷᠤᠨ ᠤ ᠲᠥᠪ ᠬᠤᠳᠠ ᠶᠢᠨ ᠳᠡᠳ᠋ ᠲᠥᠪ ᠢ | ᠪᠠᠶᠢᠭᠤᠯᠬᠤ ᠬᠡᠷᠡᠭᠲᠡᠢ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠤᠯᠤᠰ ᠲᠦᠷᠦ ᠶᠢᠨ ᠬᠡᠪ ᠴᠢᠨᠠᠷ ᠢ ᠪᠠᠲᠤ ᠰᠠᠬᠢᠵᠤ᠂ ᠦᠨᠡᠨᠴᠢ ᠰᠢᠳᠤᠷᠭᠤ ᠪᠠᠷ ᠰᠡᠳᠬᠢᠯ ᠰᠢᠭᠤᠳᠤᠨ ᠦᠢᠯᠡᠰ | ᠪᠤᠰᠬᠠᠵᠤ᠂ ᠲᠡᠷᠢᠭᠦᠨ ᠤ ᠬᠢ ᠪᠠᠷ ᠪᠠᠷᠢᠮᠵᠢᠶᠠᠯᠠᠵᠤ᠂ ᠬᠡᠪ ᠳᠠᠭᠤᠷᠢᠶᠠᠯ ᠢ ᠥᠨᠳᠥᠷ ᠪᠣᠯᠭᠠᠵᠤ᠂ ᠨᠢᠭᠡ ᠣᠷᠣᠨ ᠪᠦᠰᠡ ᠶᠢᠨ ᠬᠦᠴᠦᠨ ᠢᠶᠠᠷ ᠪᠦᠬᠦ ᠲᠠᠯ᠎ᠠ ᠶᠢᠨ ᠬᠠᠷᠢᠭᠤᠴᠠᠯᠭ᠎ᠠ ᠪᠠᠨ | ᠭᠦᠢᠴᠡᠳᠬᠡᠵᠦ᠂ ᠨᠢᠭᠡ ᠣᠷᠣᠨ ᠪᠦᠰᠡ ᠶᠢᠨ ᠠᠮᠵᠢᠯᠲᠠ ᠪᠠᠷ ᠪᠦᠬᠦ ᠲᠠᠯ᠎ᠠ ᠳᠤ ᠦᠩᠭᠡ ᠭᠡᠷᠡᠯ ᠨᠡᠮᠡᠷᠢᠯᠡᠬᠦ ᠬᠡᠷᠡᠭᠲᠡᠢ ᠭᠡᠵᠡᠢ᠃ | ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠦ ᠵᠢᠶᠠᠨ ᠭᠦᠸᠧ ᠵᠢᠴᠢ ᠰᠢᠨ᠎ᠡ | ᠲᠣᠭᠤᠷᠢᠭ ᠤᠨ ᠪᠠᠶᠢᠭᠤᠯᠭ᠎ᠠ ᠶᠢᠨ ᠪᠦᠬᠦ ᠠᠵᠢᠯᠲᠠᠳ ᠬᠤᠷᠠᠯ ᠳᠤ ᠣᠷᠣᠯᠴᠠᠪᠠ᠃ |