ᠭᠦᠭᠡᠬᠤᠲᠠ ᠶᠢᠨ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 1265 ᠳ᠋ᠦᠩᠰᠢᠭᠤᠷ ᠲᠥᠭᠦᠷᠢᠭ ᠲᠤ ᠬᠦᠷᠴᠡᠢ
ᠨᠡᠶᠢᠲᠡᠯᠡᠭᠰᠡᠨ ᠴᠠᠭ᠄
2025/2/19
      ᠰᠤᠷᠪᠤᠯᠵᠢᠯᠠᠬᠴᠢ ᠭᠦᠭᠡᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ  ᠠᠴᠠ ᠣᠶᠢᠯᠠᠭᠠᠭᠰᠠᠨ ᠢᠶᠠᠷ᠂ 2024 ᠣᠨ ᠳᠤ ᠭᠦᠭᠡᠬᠤᠲᠠ ᠶᠢᠨ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 1265 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠵᠦ᠂ ᠪᠦᠭᠦ ᠣᠷᠣᠨ ᠤ ᠬᠢ ᠠᠴᠠ ᠵᠠᠭᠤᠨ ᠤ ᠬᠠᠷᠢᠴᠠᠯ ᠢᠶᠠᠷ  0.7 ᠬᠤᠪᠢ  ᠥᠨᠳᠥᠷ  ᠪᠣᠯᠪᠠ᠃      ᠲᠠᠸᠠᠷ ᠤᠨ ᠭᠡᠯᠪᠡᠷᠢ ᠪᠠᠷ ᠬᠤᠪᠢᠶᠠᠪᠠᠯ᠂ ᠲᠠᠸᠠᠷ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 1094.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠪᠡ; ᠢᠳᠡᠭᠡᠨ ᠤᠮᠳᠠᠭᠠᠨ ᠤ ᠣᠷᠣᠯᠭ᠎ᠠ 170.6 ᠳ᠋ᠦᠩᠰᠢᠭᠤᠷ ᠲᠥᠭᠦᠷᠢᠭ  ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ᠃ ᠬᠤᠲᠠ ᠬᠥᠳᠡᠭᠡ ᠶᠢᠨ ᠵᠠᠬ᠎ᠠ ᠳᠡᠯᠭᠡᠭᠦᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 1125.8 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ   ᠵᠢᠯ  ᠤᠨ ᠠᠳᠠᠯᠢ ᠬᠤᠭᠤᠴᠠᠭᠠᠨ ᠤ ᠬᠢ ᠠᠴᠠ 5.2% ᠢᠶᠠᠷ ᠨᠡᠮᠡᠭᠳᠡᠪᠡ; ᠬᠥᠳᠡᠭᠡ ᠲᠣᠰᠬᠤᠨ ᠤ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 139.2 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ  ᠤᠨ ᠠᠳᠠᠯᠢ ᠬᠤᠭᠤᠴᠠᠭᠠᠨ ᠤ ᠬᠢ  ᠠᠴᠠ 5.5% ᠪᠠᠷ  ᠨᠡᠮᠡᠭᠳᠡᠪᠡ᠃      2024 ᠣᠨ ᠳᠤ ᠭᠦᠭᠡᠬᠤᠲᠠ ᠶᠢᠨ ᠦᠨᠳᠦᠰᠦᠨ ᠠᠮᠢᠳᠤᠷᠠᠯ ᠤᠨ ᠲᠥᠷᠥᠯ ᠤᠨ ᠬᠡᠷᠡᠭᠯᠡᠭᠡ ᠶᠢᠨ ᠨᠡᠮᠡᠭᠳᠡᠯ ᠲᠣᠭᠲᠠᠭᠤᠨ ᠪᠠᠶᠢᠵᠤ᠂ ᠪᠦᠭᠦ ᠬᠤᠲᠠ ᠶᠢᠨ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠨᠢᠭᠡᠴᠢ ᠶᠢᠨ ᠠᠮᠤ ᠲᠣᠰᠣ ᠢᠳᠡᠭᠡᠨ ᠤ ᠲᠥᠷᠥᠯ᠂ ᠤᠮᠳᠠᠭᠠᠨ ᠤ ᠲᠥᠷᠥᠯ᠂ ᠡᠳᠦᠷ ᠲᠤᠲᠤᠮ ᠤᠨ ᠬᠡᠷᠡᠭᠯᠡᠭᠡᠨ ᠤ ᠲᠥᠷᠥᠯ ᠵᠡᠷᠭᠡ ᠦᠨᠳᠦᠰᠦᠨ ᠠᠮᠢᠳᠤᠷᠠᠯ ᠤᠨ ᠲᠥᠷᠥᠯ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠨᠡᠶᠢᠲᠡ 93.4 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 18.9%᠂ 25.3% ᠪᠠ 32.1% ᠪᠠᠷ ᠨᠡᠮᠡᠭᠳᠡᠪᠡ᠃ ᠬᠡᠰᠡᠭ ᠳᠡᠰ ᠳᠡᠪᠰᠢᠭᠰᠡᠨ ᠲᠥᠷᠥᠯ ᠤᠨ ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠨᠡᠯᠢᠶᠡᠳ ᠰᠠᠶᠢᠨ ᠪᠠᠶᠢᠵᠤ᠂ ᠪᠦᠭᠦ ᠬᠤᠲᠠ ᠶᠢᠨ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠨᠢᠭᠡᠴᠢ  ᠶᠢᠨ ᠪᠡᠶ᠎ᠡ ᠶᠢᠨ ᠲᠠᠮᠢᠷ ᠵᠤᠭ᠎ᠠ ᠴᠡᠩᠭᠡᠯ ᠤᠨ ᠬᠡᠷᠡᠭᠰᠡᠯ ᠤᠨ ᠲᠥᠷᠥᠯ᠂ ᠮᠡᠳᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ ᠡᠮᠦᠰᠴᠦ ᠵᠡᠭᠦᠵᠦ ᠪᠤᠯᠬᠤ ᠣᠶᠤᠨᠴᠢ ᠲᠥᠬᠦᠭᠡᠷᠦᠮᠵᠢ ᠶᠢᠨ ᠲᠥᠷᠥᠯ ᠤᠨ ᠲᠠᠸᠠᠷ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠲᠣᠰ ᠲᠣᠰ 80.3%᠂ 145.9%᠂ 104.9% ᠪᠠᠷ ᠨᠡᠮᠡᠭᠳᠡᠪᠡ᠃ ᠭᠡᠷ ᠤᠨ ᠴᠠᠭᠢᠯᠭᠠᠨ ᠬᠡᠷᠡᠭᠰᠡᠯ᠂ ᠮᠠᠰᠢᠨ ᠲᠡᠷᠭᠡ ᠶᠢᠨ ᠬᠠᠭᠤᠴᠢᠨ ᠢᠶᠠᠷ ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠲᠣᠪᠣᠶᠢᠮ᠎ᠠ ᠦᠷ᠎ᠡ ᠪᠦᠲᠦᠮᠵᠢ ᠣᠯᠵᠤ᠂ ᠪᠦᠭᠦ ᠬᠤᠲᠠ ᠶᠢᠨ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠨᠢᠭᠡᠴᠢ ᠶᠢᠨ ᠮᠠᠰᠢᠨ ᠲᠡᠷᠭᠡᠨ ᠤ ᠲᠥᠷᠥᠯ ᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠵᠦ᠂ ᠡᠭᠦᠨ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 74.1 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 72.1% ᠪᠠᠷ ᠨᠡᠮᠡᠭᠳᠡᠪᠡ᠃ ᠰᠦᠯᠵᠢᠶᠡᠨ ᠤ ᠬᠡᠷᠡᠭᠯᠡᠭᠡ ᠦᠷᠭᠦᠯᠵᠢᠯᠡᠨ ᠰᠠᠶᠢᠵᠢᠷᠠᠵᠤ᠂ ᠪᠦᠭᠦ ᠬᠤᠲᠠ ᠶᠢᠨ ᠬᠢᠵᠠᠭᠠᠷᠯᠠᠭᠰᠠᠨ ᠬᠡᠮᠵᠢᠶ᠎ᠡ ᠠᠴᠠ ᠳᠡᠭᠡᠭᠰᠢᠬᠢ ᠨᠢᠭᠡᠴᠢ ᠶᠢᠨ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠦᠭᠰᠡᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ         92.6 ᠳ᠋ᠦᠩᠰᠢᠭᠤᠷ ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 16.3% ᠪᠠᠷ ᠨᠡᠮᠡᠭᠳᠡᠪᠡ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ