ᠭᠦᠭᠡᠬᠤᠳᠠ 599 ᠵᠦᠢᠯ ᠤᠨ ᠣᠶ ᠰᠢᠭᠤᠢ ᠡᠪᠡᠰᠦᠨ ᠤ ᠦᠷ᠎ᠡ ᠶᠢ ᠬᠥᠮᠥᠷᠭᠡ ᠳᠤ ᠣᠷᠣᠭᠤᠯᠪᠠ
ᠨᠡᠶᠢᠲᠡᠯᠡᠭᠰᠡᠨ ᠴᠠᠭ᠄
2025/2/19
      ᠣᠶᠢᠷ᠎ᠠ ᠳᠤ᠂ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠤᠨ ᠬᠠᠳᠠᠭᠠᠯᠠᠯᠲᠠ ᠶᠢᠨ ᠬᠥᠮᠥᠷᠭᠡ ᠶᠢᠨ ᠥᠪᠥᠷ ᠮᠣᠩᠭᠤᠯ ᠤᠨ ᠬᠤᠪᠢᠶᠠᠷᠢ ᠬᠥᠮᠥᠷᠭᠡ ᠲᠤᠷᠰᠢᠨ ᠠᠵᠢᠯᠯᠠᠭᠰᠠᠨ ᠤ ᠳᠠᠷᠠᠭᠠᠬᠢ ᠠᠩᠬᠠᠨ ᠤ ᠪᠦᠯᠦᠭ ᠦᠷ᠎ᠡ ᠡᠳ᠋ ᠤᠨ ᠡᠬᠢ ᠪᠠᠶᠠᠯᠢᠭ ᠢ ᠪᠦᠬᠦᠯᠢ ᠴᠣᠭᠴᠠ ᠪᠠᠷ  ᠨᠢ ᠲᠤᠰᠢᠶᠠᠬᠤ ᠪᠠ ᠳᠡᠩᠰᠡᠯᠡᠨ ᠬᠥᠮᠥᠷᠭᠡ ᠳᠤ ᠣᠷᠣᠭᠤᠯᠪᠠ᠃ ᠲᠣᠰ ᠤᠳᠠᠭᠠᠨ ᠤ ᠲᠤᠰᠢᠶᠠᠨ ᠥᠭᠴᠦ ᠭᠥᠯᠢᠶᠡᠨ ᠠᠪᠤᠭᠰᠠᠨ ᠦᠷ᠎ᠡ ᠡᠳ᠋ ᠤᠨ ᠡᠬᠢ ᠪᠠᠶᠠᠯᠢᠭ ᠪᠣᠯ ᠭᠦᠭᠡᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠠᠷᠢᠭᠤᠴᠠᠨ ᠪᠦᠲᠦᠭᠡᠨ ᠪᠠᠶᠢᠭᠤᠯᠵᠤ᠂ ᠥᠪᠥᠷ ᠮᠣᠩᠭᠤᠯ ᠤᠨ ᠰᠢᠶᠣᠣ ᠼᠤᠤ ᠲᠣᠭᠠᠴᠢᠯᠠᠭᠰᠠᠨ ᠠᠮᠢ ᠠᠬᠤᠢ ᠶᠢᠨ ᠠᠵᠤ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠠᠴᠠ ᠳᠠᠭᠠᠭᠠᠨ ᠠᠪᠴᠤ ᠪᠦᠲᠦᠭᠡᠨ ᠪᠠᠶᠢᠭᠤᠯᠤᠭᠰᠠᠨ ᠭᠦᠭᠡᠬᠤᠲᠠ ᠣᠷᠣᠨ ᠤ ᠤᠷᠭᠤᠮᠠᠯ ᠤᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢᠨ ᠳᠣᠲᠣᠷᠠᠬᠢ ᠪᠦᠭᠦ ᠡᠬᠢ ᠪᠠᠶᠠᠯᠢᠭ ᠪᠣᠯᠣᠨ᠎ᠠ᠂ ᠡᠭᠦᠨ ᠳᠤ ᠣᠶ ᠰᠢᠭᠤᠢ ᠡᠪᠡᠰᠦᠨ ᠤ ᠦᠷ᠎ᠡ 599 ᠵᠦᠢᠯ᠂ 2479 ᠬᠤᠪᠢ᠂ ᠤᠷᠭᠤᠮᠠᠯ ᠤᠨ ᠵᠠᠭᠪᠤᠷ 950 ᠵᠦᠢᠯ᠂ 7900 ᠬᠤᠪᠢ ᠪᠠᠭᠲᠠᠵᠤ᠂ ᠭᠦᠭᠡᠬᠤᠲᠠ ᠣᠷᠣᠨ ᠤ ᠮᠠᠰᠢ ᠣᠯᠠᠨ ᠬᠤᠪᠣᠷ ᠴᠤᠬᠠᠭ ᠲᠥᠷᠥᠯ ᠵᠦᠢᠯ ᠪᠠ ᠣᠨᠴᠠᠯᠢᠭᠲᠤ ᠲᠥᠷᠥᠯ ᠵᠦᠢᠯ ᠢ ᠬᠠᠮᠤᠷᠴᠠᠢ᠃      ᠲᠣᠰ ᠤᠳᠠᠭᠠᠨ ᠤ ᠦᠷ᠎ᠡ ᠡᠳ᠋ ᠤᠨ ᠡᠬᠢ ᠪᠠᠶᠠᠯᠢᠭ ᠢ ᠤᠷᠤᠭᠰᠢᠲᠠᠢ ᠲᠤᠰᠢᠶᠠᠬᠤ ᠪᠠ ᠭᠥᠯᠢᠶᠡᠨ ᠠᠪᠤᠭᠰᠠᠨ ᠶᠠᠪᠤᠳᠠᠯ ᠨᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠲᠤᠭ ᠪᠡᠯᠴᠢᠭᠡᠷ ᠰᠤᠳᠤᠯᠬᠤ ᠭᠠᠵᠠᠷ᠂ ᠮᠧᠩ ᠼᠤᠤ ᠠᠮᠢ ᠠᠬᠤᠢ ᠣᠷᠴᠢᠨ ᠲᠣᠭᠤᠷᠢᠨ ︵ᠪᠦᠯᠦᠭᠯᠡᠯ︶ ᠤ ᠬᠤᠪᠢ ᠣᠷᠣᠭᠤᠯᠤᠭᠰᠠᠨ ᠬᠢᠵᠠᠭᠠᠷᠲᠤ ᠺᠤᠮᠫᠠᠨᠢ ᠭᠤᠷᠪᠠᠨ ᠲᠠᠯ᠎ᠠ ᠪᠠᠷ ᠪᠦᠷᠢᠯᠳᠦᠭᠰᠡᠨ ᠣᠶ ᠰᠢᠭᠤᠢ ᠪᠠ ᠨᠤᠲᠤᠭ ᠪᠡᠯᠴᠢᠭᠡᠷ ᠤᠨ ᠦᠷ᠎ᠡ ᠡᠳ᠋ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠬᠤᠯᠪᠣᠭᠠᠲᠤ ᠴᠣᠭᠴᠠ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠤᠭᠰᠠᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ