ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠳᠤ ᠵᠣᠷᠢᠭᠤᠯᠤᠨ ᠥᠪᠥᠷ ᠮᠣᠩᠭᠤᠯ ᠤᠨ ᠮᠦᠽᠧᠢ ︽ᠤᠯᠤᠰ ᠤᠨ ᠡᠷᠳᠡᠨᠢ ᠰᠣᠨᠢᠷᠬᠠᠵᠤ ᠴᠠᠭᠠᠨ ᠰᠠᠷ᠎ᠠ | ᠪᠠᠨ ᠪᠡᠯᠭᠡᠯᠡᠬᠦ︾ ᠪᠠᠷ ᠭᠤᠣᠯ ᠰᠡᠳᠦᠪ ᠪᠤᠯᠭᠠᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ + ᠰᠣᠶᠣᠯ︾ ᠢᠶᠠᠷ ᠰᠣᠶᠣᠯ ᠤᠨ ᠡᠬᠢ ᠪᠠᠶᠠᠯᠢᠭ ᠤᠨ ᠰᠢᠨ᠎ᠡ ᠶᠢ | ᠡᠭᠦᠳᠦᠨ ᠤᠯᠠᠷᠢᠭᠤᠯᠤᠭᠰᠠᠨ 120 ᠭᠠᠷᠤᠢ ᠲᠠᠯᠠᠪᠠᠶ ᠠᠵᠢᠯᠯᠠᠭ᠎ᠠ ᠥᠷᠨᠢᠭᠦᠯᠵᠦ᠂ ᠳᠥᠷᠪᠡᠨ ᠵᠦᠭ ᠨᠠᠢᠮᠠᠨ ᠵᠣᠪᠬᠢᠰ ᠤᠨ ᠦᠵᠡᠭᠴᠢᠳ ᠲᠤ ᠠᠭᠤᠯᠭ᠎ᠠ ᠭᠡᠯᠪᠡᠷᠢ | ᠰᠢᠨ᠎ᠡ ᠰᠡᠪᠡᠭᠦᠨ᠂ ᠤᠳᠬ᠎ᠠ ᠰᠠᠨᠠᠭ᠎ᠠ ᠭᠦᠨ ᠵᠤᠵᠠᠭᠠᠨ᠂ ᠴᠠᠭᠠᠨ ᠰᠠᠷ᠎ᠠ ᠶᠢᠨ ᠦᠨᠦᠷ ᠠᠮᠲᠠ ᠥᠳᠬᠡᠨ᠂ ᠪᠠᠶᠠᠷ ᠪᠠᠶᠠᠰᠤᠯ ᠲᠠᠢ ᠰᠣᠶᠣᠯ ᠤᠨ ᠦᠪᠡᠳᠡᠭᠰᠢ | ᠳᠠᠶᠢᠯᠠᠯᠭ᠎ᠠ ᠬᠦᠷᠲᠡᠭᠡᠨ᠂ 5 ᠲᠦᠮᠡ ᠰᠢᠬᠠᠮ ᠦᠵᠡᠭᠴᠢ ᠮᠦᠽᠧᠢ ᠳᠤ ᠴᠠᠭᠠᠨ ᠰᠠᠷ᠎ᠠ ᠪᠠᠨ ᠥᠩᠭᠡᠷᠡᠭᠦᠯᠵᠦ᠂ ᠬᠠᠮᠲᠤ ᠪᠠᠷ ᠴᠠᠭᠠᠨ ᠰᠠᠷ᠎ᠠ ᠶᠢᠨ ᠰᠣᠶᠣᠯ ᠤᠨ | ᠭᠦᠨ ᠵᠤᠵᠠᠭᠠᠨ ᠤᠳᠬ᠎ᠠ ᠠᠭᠤᠯᠤᠭᠳᠠᠬᠤᠨ ᠢ ᠪᠡᠶᠡᠴᠢᠯᠡᠨ ᠣᠶᠢᠯᠠᠭᠠᠪᠠ᠃ | ᠰᠦᠯᠵᠢᠶᠡᠨ ᠬᠠᠯᠠᠮᠰᠢᠯ ᠪᠣᠯᠤᠭᠰᠠᠨ ᠲᠣᠮᠣ ᠣᠷᠣᠨ ᠵᠠᠢ ᠶᠢᠨ VR ᠮᠡᠷᠭᠡᠵᠢᠯ ᠤᠨ ᠦᠵᠡᠭᠦᠯᠭᠡ ᠶᠢ ᠥᠪᠥᠷ ᠮᠣᠩᠭᠤᠯ ᠤᠨ ᠮᠦᠽᠧᠢ ᠳᠤ ᠠᠩᠬ᠎ᠠ | ᠤᠳᠠᠭ᠎ᠠ ᠭᠠᠷᠭᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠤᠨ ᠭᠠᠶᠢᠬᠠᠮᠰᠢᠭ ᠢ ᠬᠠᠷᠠᠭᠤᠯᠵᠤ᠂ ᠡᠳᠦᠷ | ᠳᠤᠮᠳᠠᠴᠢ ᠪᠠᠷ 100 ᠭᠠᠷᠤᠢ ᠦᠵᠡᠭᠴᠢ ᠶᠢ ᠭᠥᠯᠢᠶᠡᠨ ᠠᠪᠴᠠᠢ᠃ ᠦᠵᠡᠭᠴᠢᠳ ᠵᠦᠴᠦᠭᠡᠯᠢᠭ ᠰᠤᠳᠤᠯᠤᠨ ᠰᠤᠷᠤᠯᠴᠠᠬᠤ ᠵᠢᠭᠤᠯᠴᠢᠯᠠᠯ ᠳᠤ ᠢᠳᠡᠪᠬᠢᠯᠡᠨ | ᠤᠷᠤᠯᠴᠠᠵᠦ᠂ ᠬᠠᠳᠤᠨ ᠭᠤᠣᠯ ᠤᠨ ︽ᠶᠡᠭᠡ ᠲᠣᠬᠤᠢ︾ ᠲᠡᠦᠬᠡ ᠰᠣᠶᠣᠯ ᠪᠠ ᠦᠯᠢᠭᠡᠷ ᠢ ᠬᠠᠶᠢᠨ ᠰᠦᠪᠡᠭᠴᠢᠯᠡᠨ᠎ᠡ᠃ ᠡᠭᠦᠨ ᠳᠤ ᠵᠠᠷᠢᠮ ᠨᠢ NPC | ᠲᠣᠭᠤᠷᠢᠨ ᠵᠢᠭᠤᠯᠴᠢᠯᠠᠯ ᠢ ᠳᠠᠭᠠᠵᠤ ᠰᠡᠭᠦᠳᠡᠷᠯᠡᠬᠦ ᠬᠠᠯᠠᠭᠤᠨ ᠥᠷᠨᠢᠯᠲᠡ ᠳᠤ ᠣᠷᠣᠵᠤ᠂ ᠲᠣᠭᠯᠠᠭᠠᠮ ᠤᠨ ᠳᠤᠮᠳᠠ ᠲᠡᠦᠬᠡ ᠶᠢ ᠣᠶᠢᠯᠠᠭᠠᠨ᠂ ᠰᠣᠶᠣᠯ ᠤᠨ | ᠪᠡᠶᠡᠴᠢ ᠣᠶᠢᠯᠠᠭᠠᠯᠲᠠ ᠪᠠ ᠰᠣᠨᠢᠷᠬᠠᠯᠳᠤ ᠴᠢᠨᠠᠷ ᠢ ᠭᠦᠷᠳᠡᠨ ᠪᠠᠶᠠᠰᠤᠨ᠎ᠠ; ᠵᠠᠷᠢᠮ ᠨᠢ ᠲᠡᠦᠬᠡ ᠶᠢᠨ ᠳᠤᠷᠠᠰᠬᠠᠯᠲᠤ ᠵᠦᠢᠯᠡᠰ ᠢ ᠵᠠᠰᠠᠨ ᠰᠡᠷᠭᠦᠭᠡᠬᠦ | ᠠᠵᠢᠯᠯᠠᠭ᠎ᠠ ᠶᠢ ᠵᠣᠷᠢᠨ ᠤᠷᠤᠯᠴᠠᠵᠦ᠂ ᠭᠡᠷ ᠪᠦᠯᠢ ᠪᠠᠷ ᠢᠶᠠᠨ ︽ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠭᠴᠢ︾ ᠪᠤᠯᠬᠤ ᠪᠠᠷ ᠴᠢᠷᠮᠠᠶᠢᠵᠤ᠂ ᠣᠨ ᠵᠢᠯ | ᠤᠨ ᠡᠯᠡᠭᠳᠡᠯ ᠳᠤ ᠥᠩᠭᠡ ᠭᠡᠷᠡᠯ ᠨᠡᠮᠡᠷᠢᠯᠡᠨ᠎ᠡ᠃ ᠣᠨᠴᠠᠭᠠᠶᠢᠯᠠᠨ ᠪᠢᠴᠢᠬᠠᠨ ᠨᠠᠶᠢᠵᠠ ᠨᠠᠷ ᠮᠦᠽᠧᠢ ᠳᠤ ᠡᠷᠳᠡᠨᠢ ᠬᠠᠶᠢᠵᠤ ᠠᠵᠠ ᠲᠠᠢ ᠦᠵᠡᠭᠴᠢ ᠪᠤᠯᠬᠤ ᠪᠠᠷ | ᠴᠢᠷᠮᠠᠶᠢᠵᠠᠭᠠᠨ᠎ᠠ᠃ ᠥᠪᠥᠷ ᠮᠣᠩᠭᠤᠯ ᠤᠨ ᠮᠦᠽᠧᠢ ᠳᠤ ᠡᠶᠢᠨ ᠬᠦ ᠤᠯᠠᠨ ᠰᠠᠶᠢᠬᠠᠨ ᠰᠢᠨ᠎ᠡ ᠰᠡᠪᠡᠭᠦᠨ ᠪᠡᠶᠡᠴᠢᠯᠡᠨ ᠣᠶᠢᠯᠠᠭᠠᠯᠲᠠ ᠶᠢᠨ ᠠᠵᠢᠯᠯᠠᠭ᠎ᠠ | ᠶᠠᠪᠤᠭᠳᠠᠭᠤᠯᠤᠭᠰᠠᠨ ᠮᠥᠷᠲᠡᠭᠡᠨ ︽ᠪᠢᠯᠢᠭᠲᠦ ᠮᠣᠭᠠᠢ ᠬᠡᠰᠢᠭ ᠬᠤᠷᠤᠶᠢᠯᠠᠨ᠎ᠠ - ᠬᠥᠬᠡᠭᠴᠢᠨ ᠮᠣᠭᠠᠢ ᠵᠢᠯ ᠤᠨ ᠠᠷᠪᠠᠨ ᠬᠤᠶᠠᠷ ᠵᠢᠯ ᠤᠨ ᠲᠡᠦᠬᠡ ᠶᠢᠨ | ᠳᠤᠷᠠᠰᠬᠠᠯᠲᠤ ᠵᠦᠢᠯᠡᠰ ᠤᠨ ᠬᠠᠮᠲᠤᠷᠠᠭᠰᠠᠨ ᠦᠵᠡᠭᠦᠯᠭᠡ︾ ᠨᠢ ᠳᠤᠮᠳᠠᠳᠤ ᠤᠯᠤᠰ ᠤᠨ ᠮᠢᠩᠭᠠᠨ ᠣᠨ ᠤ ᠭᠠᠶᠢᠬᠠᠮᠰᠢᠭᠲᠤ ᠮᠣᠭᠠᠢ ᠶᠢᠨ ᠳᠦᠷᠢ ᠲᠥᠷᠬᠦ ᠶᠢᠨ | ᠤᠯᠠᠷᠢᠯ ᠬᠤᠪᠢᠷᠠᠯ ᠢ ᠣᠶᠢᠯᠠᠭᠠᠭᠤᠯᠪᠠ᠃ |