ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠮᠠᠨ ᠤ ᠣᠷᠣᠨ ᠤ | ᠠᠩᠬᠠᠳᠠᠭᠴᠢ ᠢᠵᠢ ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠬᠦᠷᠲᠡᠯᠡᠬᠢ | ᠪᠦᠭᠦ ᠰᠤᠷᠤᠯᠭ᠎ᠠ ᠶᠢᠨ ᠬᠤᠭᠤᠴᠠᠭ᠎ᠠ ᠶᠢ ᠬᠠᠮᠤᠷᠤᠭᠰᠠᠨ ︽ᠭᠦᠳᠡᠯᠮᠦᠷᠢ ᠦᠢᠯᠡᠳᠦᠯᠭᠡ ᠶᠢᠨ ᠵᠢᠯᠣᠭᠤᠳᠤᠮᠵᠢ︾ ᠶᠢ ᠵᠢᠩᠬᠢᠨᠢ ᠪᠠᠷ ᠨᠠᠶᠢᠷᠠᠭᠤᠯᠤᠨ ᠳᠠᠭᠤᠰᠬᠠᠪᠠ᠃ | | ᠣᠶᠢᠯᠠᠭᠠᠭᠰᠠᠨ ᠢᠶᠠᠷ᠂ ᠲᠤᠰ ᠢᠵᠢ ᠵᠢᠯᠣᠭᠤᠳᠤᠮᠵᠢ ᠨᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠵᠢᠯᠣᠭᠤᠳᠤᠯᠭ᠎ᠠ | ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠭᠦᠳᠡᠯᠮᠦᠷᠢ ᠶᠢᠨ ᠬᠥᠮᠦᠵᠢᠯ ᠤᠨ ᠵᠢᠭᠠᠨ ᠰᠤᠷᠭᠠᠯᠲᠠ ᠬᠢᠭᠡᠳ ᠦᠢᠯᠡᠳᠦᠯᠭᠡ ᠶᠢᠨ ᠵᠢᠭᠠᠨ | ᠵᠢᠯᠤᠭᠤᠳᠬᠤ ᠵᠥᠪᠯᠡᠯ ᠠᠴᠠ ᠨᠢᠭᠡᠳᠦᠯᠲᠡᠢ ᠲᠥᠯᠥᠪᠵᠢᠭᠦᠯᠵᠦ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠨᠢᠭᠡᠳᠦᠭᠡᠷ ᠹᠷᠣᠨᠲ ᠤᠨ ᠰᠢᠯᠢᠳᠡᠭ ᠪᠠᠭᠰᠢ ᠶᠢ | ᠵᠣᠬᠢᠶᠠᠨ ᠪᠠᠶᠢᠭᠤᠯᠤᠨ᠂ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠭᠦᠳᠡᠯᠮᠦᠷᠢ ᠶᠢᠨ ᠬᠢᠴᠢᠶᠡᠯ ᠤᠨ ᠪᠠᠷᠢᠮᠵᠢᠶ᠎ᠠ ︵2022 ᠣᠨ ᠤ ᠬᠡᠪᠯᠡᠯ︶︾ ᠪᠠᠷ | ᠦᠨᠳᠦᠰᠦᠯᠡᠯ ᠪᠤᠯᠭᠠᠵᠤ᠂ ᠮᠠᠨ ᠤ ᠣᠷᠣᠨ ᠤ ᠭᠦᠳᠡᠯᠮᠦᠷᠢ ᠶᠢᠨ ᠣᠨᠴᠠᠯᠢᠭ ᠪᠠ ᠣᠷᠣᠨ ᠨᠤᠲᠤᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠨᠠᠷᠢᠨ ᠨᠢᠮᠪᠠᠢ | ᠨᠠᠶᠢᠷᠠᠭᠤᠯᠤᠨ ᠵᠣᠬᠢᠶᠠᠪᠠ᠃ ᠢᠵᠢ ᠪᠦᠷᠢᠨ ᠵᠢᠯᠣᠭᠤᠳᠤᠮᠵᠢ ᠨᠢ ᠨᠡᠶᠢᠲᠡ 17 ᠳᠡᠪᠲᠡᠷ ᠲᠠᠢ ᠪᠠᠶᠢᠵᠤ᠂ ᠨᠠᠶᠢᠷᠠᠭᠤᠯᠤᠨ ᠪᠢᠴᠢᠬᠦ ᠳᠤ ᠮᠠᠷᠺᠰ ᠤᠨ ᠦᠵᠡᠯ ᠤᠨ | ᠭᠦᠳᠡᠯᠮᠦᠷᠢ ᠶᠢᠨ ᠦᠵᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠭᠦᠳᠡᠯᠮᠦᠷᠢ ᠶᠢᠨ ᠬᠥᠮᠦᠵᠢᠯ ᠤᠨ ᠲᠤᠬᠠᠢ | ᠴᠢᠬᠤᠯᠠ ᠥᠭᠦᠯᠡᠯᠲᠡ ᠪᠠᠷ ᠦᠨᠳᠦᠰᠦᠨ ᠵᠢᠷᠤᠮᠯᠠᠯ ᠪᠤᠯᠭᠠᠬᠤ ᠶᠢ ᠪᠠᠷᠢᠮᠲᠠᠯᠠᠵᠤ᠂ ᠮᠠᠨ ᠤ ᠣᠷᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠣᠳᠠᠲᠤ | ᠪᠠᠶᠢᠳᠠᠯ ᠢ ᠭᠦᠨᠵᠡᠭᠡᠢ ᠰᠤᠳᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠭᠦᠳᠡᠯᠮᠦᠷᠢ ᠶᠢᠨ ᠬᠥᠮᠦᠵᠢᠯ ᠤᠨ ᠲᠡᠷᠢᠭᠦᠨ ᠤ ᠲᠤᠷᠰᠢᠯᠭ᠎ᠠ ᠶᠢ ᠭᠦᠢᠴᠡᠳ | ᠲᠣᠯᠢᠯᠠᠨ ᠰᠢᠩᠭᠡᠬᠡᠨ ᠠᠪᠤᠭᠰᠠᠨ ᠰᠠᠭᠤᠷᠢᠨ ᠳᠡᠭᠡᠷ᠎ᠡ᠂ ᠣᠨᠣᠯ ᠤᠨ ᠲᠠᠶᠢᠯᠪᠤᠷᠢᠯᠠᠯᠲᠠ ᠪᠠ ᠦᠢᠯᠡᠳᠦᠯᠭᠡ ᠶᠢᠨ ᠵᠢᠯᠣᠭᠤᠳᠤᠯᠭ᠎ᠠ ᠶᠢ ᠬᠠᠷᠢᠯᠴᠠᠨ ᠤᠶᠠᠯᠳᠤᠭᠤᠯᠵᠤ᠂ | ᠬᠢᠴᠢᠶᠡᠯ ᠤᠨ ᠪᠠᠶᠢᠷᠢᠯᠠᠭᠤᠯᠤᠯᠲᠠ ᠪᠠ ᠦᠨᠡᠯᠡᠯᠲᠡ ᠶᠢᠨ ᠰᠢᠰᠲ᠋ᠧᠮ ᠢ ᠬᠠᠷᠢᠯᠴᠠᠨ ᠵᠣᠯᠭᠠᠭᠤᠯᠵᠤ᠂ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠪᠠ | ᠬᠡᠷᠡᠭᠯᠡᠭᠡᠨ ᠤ ᠴᠢᠨᠠᠷ ᠢ ᠲᠣᠪᠤᠶᠢᠯᠭᠠᠨ᠂ ᠥᠷᠭᠡᠨ ᠣᠯᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠨᠠᠷ ᠤᠨ ᠭᠦᠳᠡᠯᠮᠦᠷᠢ ᠶᠢᠨ ᠬᠥᠮᠦᠵᠢᠯ ᠢ ᠥᠷᠨᠢᠭᠦᠯᠬᠦ ᠳᠤ | ᠣᠨᠣᠯ ᠤᠨ ᠭᠦᠨᠴᠡ ᠪᠠ ᠪᠣᠳᠠᠲᠤ ᠪᠣᠯᠪᠠᠰᠤᠷᠠᠯ ᠢ ᠬᠠᠪᠰᠤᠷᠭᠠᠭᠰᠠᠨ ᠵᠢᠯᠣᠭᠤᠳᠤᠯᠭ᠎ᠠ ᠬᠠᠩᠭᠠᠭᠰᠠᠨ ᠪᠠᠶᠢᠨ᠎ᠠ᠃ ᠵᠢᠯᠣᠭᠤᠳᠤᠮᠵᠢ ᠨᠢ ᠰᠤᠷᠤᠬᠴᠢᠳ ᠤᠨ ᠭᠠᠷ | ᠬᠥᠳᠡᠯᠬᠦ ᠲᠠᠷᠢᠬᠢ ᠬᠥᠳᠡᠯᠭᠡᠬᠦ᠂ ᠪᠡᠶ᠎ᠡ ᠪᠠᠨ ᠳᠠᠭᠠᠭᠠᠵᠤ ᠬᠠᠮᠲᠤᠷᠠᠨ ᠠᠵᠢᠯᠯᠠᠬᠤ᠂ ᠰᠡᠳᠬᠢᠨ ᠪᠣᠳᠣᠯᠬᠢᠯᠠᠬᠤ᠂ ᠳᠠᠪᠲᠠᠨ ᠪᠤᠯᠪᠠᠰᠤᠷᠠᠭᠤᠯᠬᠤ᠂ ᠰᠤᠳᠤᠯᠤᠨ | ᠰᠦᠪᠡᠭᠴᠢᠯᠡᠬᠦ᠂ ᠰᠣᠯᠢᠯᠴᠠᠨ ᠦᠨᠡᠯᠡᠬᠦ ᠣᠨᠴᠠᠯᠢᠭ ᠢ ᠳᠣᠪᠤᠶᠢᠯᠭᠠᠵᠤ᠂ ᠰᠤᠷᠤᠬᠴᠢᠳ ᠢ ᠬᠥᠲᠥᠯᠥᠨ ᠵᠢᠯᠤᠭᠤᠳᠴᠤ ᠪᠠᠶᠢᠭᠠᠳ ᠭᠦᠳᠡᠯᠮᠦᠷᠢ ᠦᠢᠯᠡᠳᠦᠯᠭᠡ ᠶᠢᠨ | ᠳᠤᠮᠳᠠ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠬᠥᠮᠥᠵᠢᠭᠦᠯᠵᠦ᠂ ᠡᠷᠳᠡᠮ ᠴᠢᠳᠠᠪᠤᠷᠢ ᠶᠢ ᠨᠢ ᠳᠠᠪᠲᠠᠨ ᠪᠤᠯᠪᠠᠰᠤᠷᠠᠭᠤᠯᠬᠤ ᠪᠣᠯᠣᠨ᠎ᠠ᠃ | |