︵ᠰᠤᠷᠪᠤᠯᠵᠢᠯᠠᠭᠴᠢ ᠴᠢ ᠰᠢᠶᠣᠣ ᠶᠠᠨ︶ ᠤᠶᠢᠷ᠎ᠠ ᠶᠢᠨ ᠡᠳᠦᠷ᠂ ᠬᠥᠬᠡᠬᠤᠲᠠ ᠶᠢᠨ ᠠᠩᠬᠠᠳᠠᠭᠴᠢ ᠪᠦᠯᠦᠭ 27 ᠬᠤᠪᠢ ᠶᠢᠨ ᠦᠢᠯᠡᠳᠪᠦᠷᠢ | ᠬᠤᠳᠠᠯᠳᠤᠭᠠᠨ ᠤ ᠡᠷᠦᠬᠡ ᠪᠦᠬᠦ ᠤᠯᠤᠰ ᠤᠨ ︽ᠨᠡᠷᠡᠲᠦ ᠣᠨᠴᠠ ᠰᠢᠯᠢᠳᠡᠭ ᠰᠢᠨ᠎ᠡ︾ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠᠷ | ᠦᠨᠡᠯᠡᠭᠳᠡᠵᠦ᠂ ᠢᠳᠡᠭᠡᠨ ᠤᠮᠳᠠᠭᠠᠨ᠂ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠬᠤᠳᠠᠯᠳᠤᠬᠤ᠂ ᠢᠳᠡᠭᠡᠨ ᠪᠣᠯᠪᠠᠰᠤᠷᠠᠭᠤᠯᠬᠤ᠂ ᠰᠠᠭᠤᠭᠠᠯᠢ ᠠᠷᠠᠳ ᠤᠨ | ᠦᠢᠯᠡᠴᠢᠯᠡᠭᠡ ᠵᠡᠷᠭᠡ ᠣᠯᠠᠨ ᠠᠵᠢᠯ ᠲᠥᠷᠥᠯ ᠤᠨ ᠬᠦᠷᠢᠶ᠎ᠡ ᠶᠢ ᠬᠠᠮᠤᠷᠪᠠ᠃ | ︽ᠨᠠᠷᠠᠲᠤ ᠣᠨᠴᠠ ᠰᠢᠯᠢᠳᠡᠭ ᠰᠢᠨ᠎ᠡ︾ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯ ᠤᠯᠤᠰ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶ ᠲᠣᠪᠴᠢᠶ᠎ᠠ ᠠᠴᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠤᠷᠲᠤ ᠬᠤᠭᠤᠴᠠᠭᠠᠨ ᠤ ᠪᠦᠬᠦᠯᠢ ᠴᠤᠭᠴᠠ ᠶᠢᠨ | ᠬᠦᠭᠵᠢᠯᠲᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠦᠯᠦᠭᠡ ᠬᠡᠷᠡᠭᠵᠢᠭᠦᠯᠦᠭᠰᠡᠨ ᠲᠦᠷᠦᠯ ᠲᠡᠮᠳᠡᠭ ᠪᠣᠯᠤᠨ᠎ᠠ᠃ ᠬᠥᠭᠵᠢᠯᠲᠡ ᠶᠢᠨ ᠳᠠᠪᠠᠭᠤᠯᠢᠭ᠂ | ᠠᠵᠤ ᠦᠢᠯᠡᠰ ᠤᠨ ᠣᠨᠴᠠᠯᠢᠭ ᠪᠠ ᠬᠥᠭᠵᠢᠯᠲᠡ ᠶᠢᠨ ᠤᠳᠤᠷᠢᠳᠤᠮᠵᠢ ᠶᠢ ᠦᠨᠳᠦᠰᠦᠯᠡᠨ᠂ ᠦᠢᠯᠡᠳᠬᠦᠨ ᠪᠠ ᠦᠢᠯᠡᠴᠢᠯᠡᠭᠡᠨ ᠤ ᠶᠠᠰᠤ ᠴᠢᠨᠠᠷ ᠰᠠᠶᠢᠨ᠂ ᠤᠯᠠᠨ | ᠲᠦᠮᠡᠨ ᠤ ᠪᠠᠭ᠋ᠠᠷᠬᠠᠯ ᠢ ᠲᠠᠲᠠᠭᠰᠠᠨ᠂ ᠣᠷᠣᠨ ᠨᠤᠲᠤᠭ ᠤᠨ ᠤᠨᠴᠠᠯᠢᠭᠲᠤ ᠳᠠᠪᠠᠭᠤᠯᠢᠭ ᠲᠠᠢ᠂ ᠪᠣᠳᠠᠰ ᠤᠨ ᠪᠤᠰᠤ ᠰᠣᠶᠣᠯ ᠤᠨ ᠥᠪ ᠪᠤᠶᠤ ᠠᠷᠠᠳ ᠤᠨ | ᠤᠯᠠᠮᠵᠢᠯᠠᠯᠲᠤ ᠤᠷ᠎ᠠ ᠮᠡᠷᠭᠡᠵᠢᠯ ᠢ ᠤᠯᠠᠮᠵᠢᠯᠠᠭᠰᠠᠨ᠂ ᠰᠢᠨ᠎ᠡ ᠮᠡᠷᠭᠡᠵᠢᠯ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠵᠡᠷᠭᠡ | ᠰᠢᠨ᠎ᠡ ᠠᠵᠤ ᠠᠬᠤᠢ ᠶᠢᠨ ᠬᠡᠯᠪᠡᠷᠢ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ︽ᠠᠯᠳᠠᠷ ᠨᠡᠷᠡᠲᠦ᠂ ᠤᠨᠴᠠᠯᠢᠭᠲᠤ᠂ ᠰᠢᠯᠢᠳᠡᠭ ᠴᠢᠨᠠᠷᠲᠤ᠂ | ᠰᠢᠨ᠎ᠡ ᠪᠠᠷ ᠬᠥᠭᠵᠢᠭᠰᠡᠨ︾ ᠭᠡᠵᠦ ᠲᠦᠷᠪᠡᠨ ᠲᠦᠷᠦᠯ ᠬᠤᠪᠢᠶᠠᠵᠠᠢ᠃ | ︽ᠬᠥᠬᠡᠬᠤᠲᠠ ᠶᠢᠨ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠯᠪᠡᠷᠢ ᠬᠤᠪᠢᠶᠠᠨ ᠲᠥᠷᠥᠯ ᠬᠤᠪᠢᠶᠠᠬᠤ ᠬᠡᠷᠡᠭᠵᠢᠭᠦᠯᠬᠦ ᠲᠥᠰᠦᠯ | ︵ᠲᠤᠷᠰᠢᠨ ᠬᠡᠷᠡᠭᠵᠢᠭᠦᠯᠬᠦ︶︾ ᠶᠣᠰᠣᠭᠠᠷ᠂ ᠮᠠᠨ ᠤ ᠬᠤᠲᠠ ︽ᠨᠠᠷᠠᠲᠤ ᠣᠨᠴᠠ ᠰᠢᠯᠢᠳᠡᠭ ᠰᠢᠨ᠎ᠡ︾ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠶᠢ ᠭᠤᠶᠤᠴᠢᠯᠠᠨ ᠮᠡᠳᠡᠭᠦᠯᠬᠦ ᠪᠠ ᠲᠠᠨᠢᠯᠴᠠᠭᠤᠯᠬᠤ ᠠᠵᠢᠯ ᠥᠷᠨᠢᠭᠦᠯᠪᠡ᠃ ᠮᠠᠲ᠋ᠧᠷᠢᠶᠠᠯ ᠢ ᠬᠢᠨᠠᠨ ᠬᠠᠷᠭᠤᠭᠤᠯᠬᠤ᠂ ᠰᠤᠷᠪᠤᠯᠵᠢᠯᠠᠨ ᠬᠠᠷᠭᠤᠭᠤᠯᠬᠤ᠂ | ᠰᠠᠨᠠᠯ ᠬᠤᠷᠢᠶᠠᠬᠤ᠂ ᠬᠢᠨᠠᠨ ᠲᠣᠭᠲᠠᠭᠠᠬᠤ᠂ ᠮᠡᠳᠡᠭᠡ ᠵᠠᠩᠭᠢ ᠶᠢ ᠢᠯᠡ ᠨᠡᠶᠢᠲᠡᠯᠡᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠱᠠᠲᠤ ᠳᠠᠷᠠᠭᠠᠯᠠᠨ ᠳᠠᠬᠢᠨ | ᠬᠠᠷᠭᠤᠭᠤᠯᠵᠤ ᠳᠡᠭᠡᠭᠰᠢ ᠮᠡᠳᠡᠭᠦᠯᠵᠦ᠂ ᠬᠥᠬᠡᠬᠤᠲᠠ ᠶᠢᠨ ᠠᠩᠬᠠᠳᠠᠭᠴᠢ ᠪᠦᠯᠦᠭ ᠪᠥᠬᠦ ᠤᠯᠤᠰ ᠤᠨ ︽ᠨᠠᠷᠠᠲᠤ ᠣᠨᠴᠠ ᠰᠢᠯᠢᠳᠡᠭ ᠰᠢᠨ᠎ᠡ︾ 27 | ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠨᠢᠭᠡᠨᠲᠡ ᠬᠥᠮᠥᠷᠭᠡ ᠳᠤ ᠣᠷᠣᠭᠤᠯᠪᠠ ︵ᠡᠭᠦᠨ ᠳᠤ ︽ᠠᠯᠳᠠᠷ ᠨᠡᠷᠡᠲᠦ︾ 15 ᠡᠷᠦᠬᠡ᠂ | ︽ᠤᠨᠴᠠᠯᠢᠭᠲᠤ︾ 10 ᠡᠷᠦᠬᠡ᠂ ︽ᠰᠢᠯᠢᠳᠡᠭ ᠴᠢᠨᠠᠷᠲᠤ︾ 2 ᠡᠷᠦᠬᠡ︶᠂ ᠮᠠᠭᠠᠳᠯᠠᠨ ᠲᠣᠭᠲᠠᠭᠠᠭᠳᠠᠭᠰᠠᠨ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠡᠶᠢᠲᠡᠯᠡᠭᠰᠡᠨ ᠬᠠᠮᠢᠶ᠎ᠠ ᠪᠥᠬᠦᠶ ᠲᠡᠳᠬᠦᠨ ᠪᠤᠶᠢᠵᠢᠭᠤᠯᠬᠤ ᠲᠥᠷᠥ ᠶᠢᠨ | ᠪᠣᠳᠣᠯᠭ᠎ᠠ ᠶᠢ ᠭᠥᠷᠳᠡᠵᠦ ᠪᠣᠯᠤᠨ᠎ᠠ᠃ |