ᠣᠶᠢᠷ᠎ᠠ ᠳᠤ᠂ ᠭᠦᠭᠡᠬᠤᠲᠠ ᠶᠢᠨ 7 ᠲᠦᠷᠭᠡᠨ ᠬᠦᠷᠭᠡᠭᠴᠢ ᠶᠢᠨ ᠪᠠᠭᠠᠲᠤᠷᠯᠢᠭ ᠢᠶᠠᠷ ᠭᠠᠯ ᠤᠨᠲᠠᠷᠠᠭᠠᠭᠰᠠᠨ ᠰᠣᠨᠢᠨ ᠮᠡᠳᠡᠭᠡ ᠨᠢ ᠵᠠᠭᠤᠴᠢᠯᠠᠭᠤᠷ ᠤᠨ | ᠬᠢᠨ ᠤ ᠠᠩᠬᠠᠷᠤᠯ ᠢ ᠥᠷᠭᠡᠨ ᠢᠶᠠᠷ ᠲᠠᠲᠠᠵᠤ᠂ ᠥᠷᠭᠡᠨ ᠣᠯᠠᠨ ᠬᠤᠲᠠ ᠶᠢᠨ ᠠᠷᠠᠳ ᠪᠠ ᠰᠦᠯᠵᠢᠶᠡᠨ ᠢᠷᠭᠡᠳ ᠬᠠᠷᠢᠯᠴᠠᠨ ᠬᠥᠳᠡᠯᠦᠯᠴᠡᠵᠦ᠂ ᠲᠡᠳᠡᠨ ᠤ | ᠪᠠᠭᠠᠲᠤᠷᠯᠢᠭ ᠦᠶᠯᠡ ᠠᠵᠢᠯᠯᠠᠭ᠎ᠠ ᠳᠤ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠵᠡᠭᠡᠪᠡ᠃ | ᠣᠶᠢᠯᠠᠭᠠᠭᠰᠠᠨ ᠢᠶᠠᠷ᠂ 2 ᠰᠠᠷ᠎ᠠ ᠶᠢᠨ 7 ᠤ ᠡᠳᠦᠷ᠂ ᠭᠦᠭᠡᠬᠤᠲᠠ ᠶᠢᠨ ᠰᠠᠶᠢᠬᠠᠨ ᠲᠣᠭᠤᠷᠢᠭ ᠤᠨ ᠨᠢᠭᠡᠨ ᠲᠡᠷᠭᠡ ᠤᠬᠢᠶᠠᠬᠤ ᠭᠠᠵᠠᠷ ᠲᠤ ᠭᠠᠯ ᠭᠠᠷᠴᠤ᠂ | ᠭᠦᠭᠡᠬᠤᠲᠠ ᠶᠢᠨ ᠱᠦᠨ ᠹᠧᠩ ᠺᠤᠮᠫᠠᠨᠢ ᠶᠢᠨ ᠸᠠᠨ ᠳ᠋ᠠ ᠲᠤᠬᠠᠶᠢᠯᠠᠭᠰᠠᠨ ᠠᠵᠢᠯ ᠤᠨ ᠬᠡᠯᠲᠡᠰ ᠤᠨ ᠬᠠᠷᠢᠭᠤᠴᠠᠯᠭᠠᠲᠠᠨ ᠮᠥᠷᠡᠨ ᠵᠠᠮ ᠥᠩᠭᠡᠷᠡᠬᠦ ᠦᠶ᠎ᠡ ᠳᠡᠭᠡᠨ | ᠪᠠᠶᠢᠳᠠᠯ ᠢ ᠣᠯᠵᠤ ᠮᠡᠳᠡᠭᠡᠳ ᠳᠠᠷᠤᠶᠢᠬᠠᠨ 119 ᠳᠤ ᠤᠲᠠᠰᠤᠳᠠᠵᠤ ᠴᠠᠭᠳᠠᠭ᠎ᠠ ᠳᠤ ᠮᠡᠳᠡᠭᠦᠯᠦᠭᠰᠡᠨ ᠤ ᠬᠠᠮᠲᠤ᠂ ᠲᠤᠬᠠᠶᠢᠯᠠᠭᠰᠠᠨ ᠠᠵᠢᠯ ᠤᠨ ᠬᠡᠯᠲᠡᠰ ᠲᠡᠭᠡᠨ | ᠪᠤᠴᠠᠨ᠂ ᠵᠠᠩ ᠰᠢᠶᠣᠣ ᠢᠦᠢ᠂ ᠪᠦᠦ ᠸᠧᠢ᠂ ᠯᠢ ᠶᠠ ᠵᠢᠶᠧ᠂ ᠵᠠᠩ ᠮᠢᠩ ᠮᠢᠩ᠂ ᠯᠢ ᠱᠤᠤ ᠫᠧᠩ᠂ ᠳ᠋ᠦᠩ ᠪᠦᠦ ᠯᠢᠨ ᠵᠡᠷᠭᠡ 6 ᠲᠦᠷᠭᠡᠨ ᠬᠦᠷᠭᠡᠭᠴᠢ ᠲᠠᠢ ᠬᠠᠮᠲᠤ | ᠭᠠᠯ ᠤᠨᠲᠠᠷᠠᠭᠠᠭᠤᠷ ᠢᠶᠠᠨ ᠠᠪᠴᠤ ᠲᠡᠷᠭᠡ ᠤᠬᠢᠶᠠᠬᠤ ᠭᠠᠵᠠᠷ ᠲᠤ ᠭᠦᠷᠪᠡ᠃ ᠲᠡᠲᠡ ᠭᠠᠯ ᠤᠨ ᠠᠶᠤᠯ ᠤᠨ ᠡᠮᠦᠨ᠎ᠡ ᠥᠴᠥᠬᠡᠨ ᠴᠸ ᠬᠤᠶᠢᠰᠢ ᠤᠬᠤᠷᠢᠭᠰᠠᠨ | ᠦᠭᠡᠢ᠂ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠭᠠᠯ ᠤᠨᠲᠠᠷᠠᠭᠠᠬᠤ ᠲᠡᠷᠭᠡ ᠬᠦᠷᠴᠦ ᠢᠷᠡᠬᠦ ᠠᠴᠠ ᠡᠮᠦᠨ᠎ᠡ ᠠᠮᠵᠢᠯᠲᠠ ᠲᠠᠢ ᠪᠠᠷ ᠭᠠᠯ ᠤᠨ ᠪᠠᠶᠢᠳᠠᠯ ᠢ | ᠡᠵᠡᠮᠳᠡᠵᠦ᠂ ᠨᠡᠩ ᠬᠦᠨᠳᠦ ᠨᠣᠴᠢᠲᠠᠢ ᠡᠳ᠋ ᠬᠥᠷᠥᠩᠭᠡ ᠶᠢᠨ ᠬᠤᠬᠢᠷᠠᠯ ᠡᠭᠦᠰᠬᠦ ᠠᠴᠠ ᠵᠠᠶᠢᠯᠠᠭᠤᠯᠤᠭᠰᠠᠨ ᠪᠠᠶᠢᠨ᠎ᠠ᠃ | ᠲᠡᠳᠡᠨ ᠤ ᠦᠶᠯᠡ ᠠᠵᠢᠯᠯᠠᠭ᠎ᠠ ᠶᠢ ᠮᠡᠳᠡᠭᠰᠡᠨ ᠤ ᠳᠠᠷᠠᠭ᠎ᠠ᠂ 2 ᠰᠠᠷ᠎ᠠ ᠶᠢᠨ 8 ᠤ ᠡᠳᠦᠷ᠂ ᠭᠦᠭᠡᠬᠤᠲᠠ ᠶᠢᠨ ᠣᠶᠤᠨ ᠤ ᠪᠣᠯᠪᠠᠰᠤᠨ ᠤ | ᠪᠠᠶᠢᠭᠤᠯᠤᠯᠲᠠ ᠶᠢᠨ ᠬᠤᠷᠢᠶ᠎ᠠ ᠶᠢᠨ ᠠᠯᠪᠠᠨ ᠭᠡᠷ ᠠᠴᠠ 7 ᠲᠦᠷᠭᠡᠨ ᠬᠦᠷᠭᠡᠭᠴᠢ ᠳᠤ ︽ᠭᠦᠭᠡᠬᠤᠲᠠ ᠶᠢᠨ ᠰᠠᠶᠢᠨ ᠬᠥᠮᠥᠨ︾ ᠤ ᠴᠣᠯᠠ ᠣᠯᠭᠤᠬᠤ ᠶᠢᠨ ᠬᠠᠮᠲᠤ | ᠲᠣᠬᠤᠨᠢᠭᠤᠯᠬᠤ ᠮᠥᠩᠭᠦ ᠭᠦᠷᠭᠡᠪᠡ; ᠭᠦᠭᠡᠬᠤᠲᠠ ᠶᠢᠨ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠭᠦᠭᠡᠬᠤᠲᠠ ᠶᠢᠨ ᠨᠠᠮ ᠤᠨ | ᠬᠤᠷᠢᠶ᠎ᠠ ᠶᠢᠨ︽ᠬᠤᠶᠠᠷ ᠰᠢᠨ᠎ᠡ ᠵᠣᠬᠢᠶᠠᠨ ᠪᠠᠶᠢᠭᠤᠯᠤᠯᠲᠠ︾ ᠶᠢᠨ ᠠᠵᠢᠯ ᠤᠨ ᠬᠤᠷᠢᠶ᠎ᠠ ᠠᠴᠠ 7 ᠬᠥᠮᠥᠨ ᠳᠤ︽ᠬᠤᠶᠠᠷ ᠰᠢᠨ᠎ᠡ ᠵᠣᠬᠢᠶᠠᠨ ᠪᠠᠶᠢᠭᠤᠯᠤᠯᠲᠠ ᠶᠢᠨ | ᠣᠳᠣᠨ︾ ᠤ ᠴᠣᠯᠠ ᠣᠯᠭᠤᠵᠤ᠂ ᠪᠠᠰᠠ ᠲᠣᠬᠤᠨᠢᠭᠤᠯᠬᠤ ᠮᠥᠩᠭᠦ ᠭᠦᠷᠭᠡᠪᠡ; ᠰᠠᠶᠢᠬᠠᠨ ᠲᠣᠭᠤᠷᠢᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠭᠡ ᠠᠩᠭᠢ ᠠᠴᠠ 7 ᠬᠥᠮᠥᠨ ᠳᠤ ︽ᠭᠠᠯ ᠰᠡᠷᠭᠡᠶᠢᠯᠡᠵᠦ ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠡᠯᠴᠢ︾ ᠶᠢᠨ ᠴᠣᠯᠠ ᠣᠯᠭᠤᠵᠤ᠂ | ᠲᠡᠳᠡᠨ ᠤ ᠠᠶᠤᠯ ᠲᠦᠭᠰᠢᠭᠦᠷᠢ ᠲᠠᠢ ᠦᠶ᠎ᠡ ᠳᠤ ᠦᠬᠦᠵᠦ ᠰᠡᠭᠡᠭᠦ ᠠᠴᠠ ᠠᠶᠤᠬᠤ ᠦᠭᠡᠢ᠂ ᠴᠠᠭ ᠲᠤᠬᠠᠢ ᠳᠤᠨᠢ ᠠᠪᠤᠷᠠᠨ ᠲᠤᠰᠠᠯᠠᠭᠰᠠᠨ ᠠᠵᠢᠯᠯᠠᠭ᠎ᠠ ᠶᠢ | ᠬᠥᠬᠢᠭᠦᠯᠦᠨ ᠰᠠᠶᠢᠰᠢᠶᠠᠪᠠ᠃ | |