︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠲᠢᠺ ᠲᠤᠺ | ︵ᠬᠥᠬᠡᠬᠤᠲᠠ︶ AI ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠥᠬᠡᠬᠤᠲᠠ ᠶᠢᠨ ᠰᠤᠳᠤᠯᠭᠠᠨ ᠤ ᠲᠥᠪ ᠲᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠤᠳᠤᠯᠭᠠᠨ ᠤ | ᠲᠥᠪ ᠲᠤ ᠰᠢᠨ᠎ᠡ ᠶᠢ ᠡᠭᠦᠳᠦᠨ ᠠᠮᠢ ᠠᠬᠤᠢ ᠶᠢ ᠰᠢᠯᠢᠳᠡᠭᠵᠢᠭᠦᠯᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠵᠢᠴᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ 40 ᠭᠠᠷᠤᠢ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠲᠥᠯᠥᠭᠡᠯᠡᠭᠴᠢᠳ ᠲᠠᠢ ᠨᠢᠭᠤᠷᠳᠠᠨ ᠶᠠᠷᠢᠯᠴᠠᠵᠤ᠂ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠬᠦ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ | ᠬᠠᠮᠲᠤ ᠪᠠᠷ ᠵᠥᠪᠳᠡᠯᠴᠡᠪᠡ᠃ | ᠶᠠᠷᠢᠯᠴᠠᠬᠤ ᠬᠤᠷᠠᠯ ᠳᠡᠭᠡᠷ᠎ᠡ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠲᠢᠺ ᠲᠤᠺ᠂ ᠰᠢᠤᠸᠠᠨ ᠡᠦ ᠤᠶᠤᠨᠲᠤ | ᠪᠤᠳᠤᠯᠭ᠎ᠠ᠂ ᠪᠢᠩ ᠰᠢᠩ ᠰᠢᠨᠵᠢᠯᠡᠬᠦ ᠤᠬᠠᠭᠠᠨ ᠮᠡᠷᠭᠡᠵᠢᠯ᠂ ᠰᠢᠨᠬᠤᠸᠠ ᠭᠤᠷᠪᠠᠳᠤᠭᠠᠷ᠂ ᠬᠠᠢ ᠲᠢᠶᠠᠨ ᠷᠦᠢ ᠱᠧᠩ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ | ᠰᠤᠷᠭᠠᠭᠤᠯᠢ ᠵᠡᠷᠭᠡ ᠠᠵᠤ ᠠᠬᠤᠶᠢᠯᠠᠯ ᠪᠣᠯᠣᠨ ᠪᠠᠶᠢᠭᠤᠯᠭ᠎ᠠ ᠨᠢᠭᠡᠴᠢ ᠨᠦᠭᠦᠳ ᠨᠤᠷᠠᠭᠠᠯᠲᠠ ᠶᠢᠨ ᠴᠢᠨᠠᠷᠲᠠᠢ ᠮᠡᠷᠭᠡᠵᠢᠯ ᠤᠨ ᠰᠢᠨ᠎ᠡ ᠶᠢ ᠡᠭᠦᠳᠬᠦ ᠬᠡᠷᠡᠭᠯᠡᠯᠲᠡ ᠪᠠ ᠪᠣᠬᠢᠷᠳᠤᠯ ᠦᠭᠡᠢ | ᠪᠣᠳᠣᠯᠭ᠎ᠠ ᠶᠢᠨ ᠬᠦᠴᠦᠨ᠂ ᠬᠢᠮᠡᠯ ᠤᠶᠤᠨ᠂ ᠲᠤᠭ᠎ᠠ ᠪᠠᠷᠢᠮᠲᠠ ᠳᠤ ᠲᠡᠮᠳᠡᠭ ᠬᠠᠳᠠᠬᠤ᠂ ᠲᠠᠷᠢᠬᠢ ᠮᠠᠰᠢᠨ ᠤ ᠵᠠᠯᠭᠠᠭᠤᠷ᠂ ᠵᠢᠯᠣᠭᠤᠴᠢ ᠦᠭᠡᠢ ᠨᠢᠰᠬᠡᠯ ᠵᠡᠷᠭᠡ ᠬᠦᠷᠢᠶᠡᠨ ᠤ | ᠲᠣᠭᠤᠷᠢᠨ ᠳᠤ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠬᠦ ᠳᠤ ᠰᠠᠨᠠᠯ ᠰᠠᠨᠠᠭᠤᠯᠭ᠎ᠠ ᠳᠤᠷᠠᠳᠴᠠᠢ᠃ ᠪᠣᠣ ᠭᠠᠩ ᠠᠴᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠢ ᠮᠠᠨ ᠤ ᠬᠤᠳᠠ ᠶᠢᠨ ᠶᠠᠭ ᠰᠠᠶᠢᠬᠠᠨ ᠲᠤᠭᠤᠷᠪᠢᠵᠤ ᠪᠠᠶᠢᠭ᠎ᠠ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠬᠦ᠂ | ᠨᠡᠶᠢᠯᠡᠮᠡᠯ ᠠᠮᠢᠳᠤ ᠪᠣᠳᠠᠰ ᠢ ᠳᠡᠮᠵᠢᠬᠦ᠂ ᠳᠣᠣᠷ᠎ᠠ ᠤᠭᠲᠠᠷᠭᠤᠢ ᠶᠢᠨ ᠠᠵᠤ ᠠᠬᠤᠢ ᠶᠢ ᠠᠬᠢᠭᠤᠯᠬᠤ ᠂ ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ ᠪᠠ ᠬᠢᠮᠡᠯ ᠤᠶᠤᠨ ᠤ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠲᠦᠷᠦ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠵᠤ ᠭᠦᠢᠴᠡᠳ ᠰᠢᠩᠭᠡᠭᠡᠨ᠂ | ᠰᠠᠶᠢᠨ ᠰᠠᠨᠠᠯ ᠮᠡᠷᠭᠡᠨ ᠪᠤᠳᠤᠯᠭ᠎ᠠ ᠶᠢ ᠦᠨᠡᠨ ᠪᠣᠳᠠᠲᠠᠢ ᠠᠷᠭ᠎ᠠ ᠬᠡᠮᠵᠢᠶ᠎ᠡ ᠪᠣᠯᠭᠠᠨ ᠤᠯᠠᠷᠢᠭᠤᠯᠵᠤ᠂ ᠠᠵᠤ ᠠᠬᠤᠶᠢᠯᠠᠯ ᠢ ᠨᠡᠩ ᠶᠡᠭᠡ ᠬᠦᠷᠲᠡᠮᠵᠢ ᠶᠢᠨ ᠲᠦᠷᠦᠭᠳᠡᠯ ᠲᠠᠢ ᠪᠣᠯᠭᠠᠬᠤ | ᠬᠡᠷᠡᠭᠲᠡᠢ ᠭᠡᠵᠦ ᠱᠠᠭᠠᠷᠳᠠᠪᠠ᠃ | ᠪᠣᠣ ᠭᠠᠩ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠣᠷᠣᠨ ᠤ ᠲᠥᠪ ᠬᠤᠲᠠ ᠳᠤ | ᠦᠨᠳᠦᠰᠦᠯᠡᠵᠦ᠂ ᠣᠷᠣᠨ ᠤ ᠲᠥᠪ ᠬᠤᠲᠠ ᠶᠢᠨ ᠬᠥᠭᠵᠢᠯᠲᠡ ᠳᠤ ᠬᠦᠴᠦᠨ ᠨᠡᠮᠡᠷᠢᠯᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠮᠠᠨ ᠤ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠬᠢᠮᠡᠯ ᠤᠶᠤᠨ ᠵᠡᠷᠭᠡ ᠢᠷᠡᠭᠡᠳᠦᠢ ᠶᠢᠨ ᠠᠵᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠪᠣᠳᠣᠯᠬᠢᠯᠠᠯ ᠪᠣᠯᠣᠨ ᠴᠢᠷᠮᠠᠶᠢᠬᠤ ᠴᠢᠭᠯᠡᠯ ᠢ | ᠲᠠᠨᠢᠯᠴᠠᠭᠤᠯᠪᠠ᠃ ᠲᠡᠷᠡ ᠬᠡᠯᠡᠬᠦ ᠳᠡᠭᠡᠨ᠂ ᠢᠷᠡᠭᠡᠳᠦᠶ ᠶᠢᠨ ᠬᠤᠲᠠ ᠶᠢᠨ ᠥᠷᠢᠰᠥᠯᠳᠦᠭᠡᠨ ᠪᠣᠯ ᠵᠦᠪᠬᠡᠨ ᠶᠠᠮᠠᠷ ᠨᠢᠭᠡᠨ ᠳᠠᠩ ᠭᠠᠭᠴᠠ ᠮᠡᠷᠭᠡᠵᠢᠯ ᠪᠤᠶᠤ ᠦᠢᠯᠡᠳᠬᠦᠨ ᠤ | ᠮᠥᠷᠦ᠋ᠢᠴᠡᠭᠡᠨ ᠲᠡᠳᠦᠢ ᠪᠢᠰᠢ᠂ ᠨᠠᠩ ᠴᠤ ᠪᠦᠬᠦ᠋ᠢᠯᠡ ᠰᠢᠨ᠎ᠡ ᠶᠢ ᠡᠭᠦᠳᠬᠦ ᠠᠮᠢ ᠠᠬᠤᠶ ᠶᠢᠨ ᠰᠢᠰᠲ᠋ᠧᠮ ᠤᠨ ᠪᠣᠯᠪᠠᠰᠤᠷᠠᠩᠭᠤᠶ ᠡᠰᠡᠬᠦ ᠶᠢᠨ ᠦᠵᠡᠯᠴᠡᠭᠡᠨ ᠮᠥᠨ᠃ ᠪᠢᠳᠡ | ᠰᠢᠨ᠎ᠡ ᠶᠢ ᠡᠭᠦᠳᠬᠦ ᠶᠢ ᠠᠵᠤ ᠦᠢᠯᠡᠰ ᠤᠨ ᠰᠢᠮᠡᠯᠢᠭ ᠬᠥᠷᠥᠰᠥᠨ ᠳᠤ ᠦᠨᠳᠦᠰᠦᠯᠡᠭᠦᠯᠵᠦ᠂ ᠣᠷᠣᠨ ᠤ ᠲᠥᠪ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠪᠣᠬᠢᠷᠳᠤᠯ | ᠦᠭᠡᠢ ᠪᠣᠳᠣᠯᠭ᠎ᠠ ᠶᠢᠨ ᠬᠦᠴᠦᠨ ᠤ ᠠᠵᠤ ᠦᠢᠯᠡᠰ ᠤᠨ ᠲᠥᠪᠯᠡᠷᠡᠯ ᠤᠨ ᠳᠠᠪᠠᠭᠤᠯᠢᠭ ᠲᠤ ᠲᠦᠰᠢᠭᠯᠡᠨ᠂ ᠬᠢᠮᠡᠯ ᠤᠶᠤᠨ ᠤ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ | ᠳᠤ ᠡᠨᠧᠷᠭᠢ ᠣᠯᠭᠤᠬᠤ ᠶᠢ ᠲᠦᠷᠭᠡᠳᠬᠡᠵᠦ᠂ ᠵᠠᠭᠪᠤᠷ ᠤᠨ ᠰᠤᠷᠭᠠᠭᠤᠯᠢᠯᠠᠯ ᠤᠨ ᠵᠦᠢᠴᠢᠯᠡᠯ᠂ ᠸᠢᠳᠢᠤ᠋ ᠢ ᠵᠢᠷᠤᠬᠤ᠂ ᠠᠦ᠋ᠲ᠋ᠣᠴᠢᠯᠠᠨ ᠵᠢᠯᠣᠭᠤᠳᠬᠤ᠂ ᠳᠣᠣᠷ᠎ᠠ ᠤᠭᠲᠠᠷᠭᠤᠢ ᠶᠢᠨ | ᠠᠵᠤ ᠠᠬᠤᠢ᠂ ᠳᠣᠬᠢᠭᠤᠷ ᠳᠣᠯᠤᠭ᠎ᠠ ᠶᠢᠨ ᠵᠠᠮᠴᠢᠯᠠᠭᠤᠷ᠂ ᠬᠤᠳᠠᠯᠳᠤᠭᠠᠨ ᠤ ᠰᠠᠨᠰᠠᠷ ᠠᠶᠠᠯᠠᠯ᠂ ᠨᠡᠶᠢᠯᠡᠮᠡᠯ ᠠᠮᠢᠳᠤ ᠪᠣᠳᠠᠰ᠂ ᠭᠧᠨ ᠤ ᠰᠢᠯᠭᠠᠨ ᠪᠠᠶᠢᠴᠠᠭᠠᠯᠲᠠ ᠵᠡᠷᠭᠡ | ᠬᠦᠷᠢᠶᠡᠨ ᠳᠠᠬᠢ ᠬᠡᠷᠡᠭᠯᠡᠭᠡᠨ ᠤ ᠠᠬᠤᠢ ᠪᠠᠶᠢᠳᠠᠯ ᠢ ᠲᠠᠰᠤᠷᠠᠯᠲᠠ ᠦᠭᠡᠢ ᠥᠷᠭᠡᠳᠬᠡᠵᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠠᠭᠤᠰᠤᠯᠴᠠᠵᠤ ᠪᠦᠭᠡᠮᠨᠡᠷᠡᠨ ᠬᠥᠭᠵᠢᠬᠦ ᠶᠢ | ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠢ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠬᠦ ᠠᠮᠢ ᠠᠬᠤᠢ ᠶᠢᠨ ᠰᠢᠨ᠎ᠡ ᠬᠦᠴᠦᠨ ᠪᠣᠯᠭᠠᠵᠤ᠂ ᠰᠠᠨᠠᠭᠠᠴᠢᠯᠠᠭ᠎ᠠ ᠠᠴᠠ ᠪᠠᠨ | ᠠᠵᠤ ᠠᠬᠤᠶᠢᠯᠠᠯ ᠤᠨ ᠲᠦᠭᠵᠢᠷᠡᠯ ᠢ ᠠᠷᠢᠯᠭᠠᠨ ᠡᠨᠧᠷᠭᠢ ᠣᠯᠭᠤᠵᠤ᠂ ᠬᠢᠨᠠᠨ ᠵᠥᠪᠰᠢᠶᠡᠷᠡᠬᠦ ᠵᠦᠢᠯᠡᠰ ᠢ ᠰᠢᠯᠢᠳᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠶᠢ ᠪᠣᠳᠠᠲᠠᠢ ᠳᠡᠮᠵᠢᠵᠦ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠪᠠ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ | ᠰᠠᠶᠢᠲᠤᠷ ᠬᠠᠮᠠᠭᠠᠯᠠᠵᠤ᠂ ᠠᠵᠤ ᠠᠬᠤᠶᠢᠯᠠᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠨᠦᠬᠦᠴᠡᠯ ᠢ ᠡᠭᠦᠳᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠲᠠᠪᠴᠠᠩ ᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ︽ᠲᠣᠰᠣ ᠨᠡᠮᠡᠬᠦ ᠥᠷᠲᠡᠭᠡ︾ ᠪᠣᠯᠭᠠᠵᠤ᠂ ᠵᠠᠰᠠᠭ ᠤᠨ ᠣᠷᠳᠣᠨ᠂ ᠠᠵᠤ ᠠᠬᠤᠶᠢᠯᠠᠯ᠂ ᠶᠡᠭᠡ ᠳᠡᠭᠡᠳᠦ | ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠵᠢᠯᠴᠠᠨ ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠵᠦ᠂ ᠣᠷᠣᠨ ᠤ ᠲᠥᠪ | ᠬᠤᠲᠠ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠶᠢᠨ ᠴᠤᠭᠯᠠᠷᠠᠯ ᠤᠨ ᠦᠢᠯᠡᠳᠦᠯ ᠢ ᠰᠠᠶᠢᠲᠤᠷ ᠪᠠᠳᠠᠷᠠᠭᠤᠯᠵᠤ᠂ ︽ᠤᠯᠤᠰ ᠤᠨ ᠨᠠᠷᠠᠲᠤ ᠲᠡᠮᠳᠡᠭᠲᠦ︾ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠬᠡᠷᠡᠭᠯᠡᠵᠦ᠂ ᠬᠥᠬᠡᠬᠤᠲᠠ ᠬᠢᠭᠡᠳ ᠬᠠᠶ ᠳ᠋ᠢᠶᠠᠨ ᠤ ︽ᠬᠤᠶᠠᠷ ᠴᠠᠭ ᠤᠨ ᠰᠢᠨ᠎ᠡ ᠶᠢ ᠡᠭᠦᠳᠬᠦ ᠲᠣᠭᠤᠷᠢᠭ︾ ᠢ | ᠰᠠᠶᠢᠲᠤᠷ ᠪᠠᠶᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠬᠥᠬᠡᠬᠤᠲᠠ ᠳᠤ ᠨᠠᠶᠢᠳᠠᠪᠤᠷᠢᠵᠢᠭᠤᠯᠤᠨ ᠤᠯᠠᠷᠢᠭᠤᠯᠬᠤ ᠬᠡᠷᠡᠭᠲᠡᠶ᠃ ᠣᠷᠳᠣ | ᠬᠤᠭᠤᠴᠠᠭᠠᠨ ᠤ ᠦᠵᠡᠯ ᠢ ᠪᠠᠲᠤ ᠰᠠᠬᠢᠬᠤ ᠶᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ︽ᠠᠮᠢᠨ ᠰᠤᠳᠠᠰᠤ︾ ᠪᠣᠯᠭᠠᠵᠤ᠂ ᠣᠷᠳᠣ ᠬᠤᠭᠤᠴᠠᠭᠠᠨ ᠤ ᠦᠨ᠎ᠡ | ᠥᠷᠲᠡᠭ ᠢ ᠪᠣᠳᠣᠯᠬᠢᠯᠠᠨ᠂ ᠠᠩᠬ᠎ᠠ ᠪᠠᠶᠢᠭᠤᠯᠤᠭᠰᠠᠨ ᠠᠵᠤ ᠠᠬᠤᠶᠢᠯᠠᠯ ᠢ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠬᠦᠯᠢᠴᠡᠩᠭᠦᠶ ᠬᠥᠷᠥᠩᠭᠡ ᠪᠠᠷ ᠠᠯᠳᠠᠭ᠎ᠠ ᠪᠤᠷᠤᠭᠤ ᠶᠢ | ᠠᠭᠤᠴᠢᠯᠠᠬᠤ ᠶᠢ ᠳᠡᠮᠵᠢᠬᠦ ᠬᠡᠷᠡᠭᠲᠡᠶ᠃ ᠴᠢᠳᠠᠪᠤᠷᠢᠲᠠᠨ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠭᠤᠣᠯ ᠲᠤᠯᠭᠠᠭᠤᠷᠢᠯᠠᠯ ᠪᠣᠯᠭᠠᠵᠤ᠂ ᠵᠠᠯᠠᠭᠤᠴᠤᠳ ᠤᠨ | ᠲᠥᠷᠦᠵᠦ ᠬᠥᠩᠭᠡᠵᠢᠬᠦ᠂ ᠥᠰᠬᠡᠨ ᠬᠥᠮᠦᠵᠢᠭᠦᠯᠬᠦ᠂ ᠰᠤᠷᠭᠠᠨ ᠬᠥᠮᠦᠵᠢᠭᠦᠯᠬᠦ ᠠᠰᠠᠭᠤᠳᠠᠯ ᠢ ᠪᠦᠬᠦ ᠲᠠᠯ᠎ᠠ ᠪᠠᠷ ᠰᠠᠶᠢᠲᠤᠷ ᠰᠢᠢᠳᠪᠦᠷᠢᠯᠡᠵᠦ᠂ ᠠᠮᠢᠳᠤᠷᠠᠯ ᠤᠨ ᠥᠪᠡᠷ ᠤᠨ ᠦᠷᠳᠡᠭ ᠢ | ᠪᠠᠭᠤᠷᠠᠭᠤᠯᠵᠤ᠂ ᠡᠯ᠎ᠡ ᠲᠦᠷᠦᠯ ᠤᠨ ᠴᠢᠳᠠᠪᠤᠷᠢᠲᠠᠨ ᠢ ᠬᠥᠬᠡᠬᠤᠲᠠ ᠳᠤ ᠰᠠᠨᠠᠭ᠎ᠠ ᠠᠮᠤᠷ ᠬᠦᠯ ᠲᠣᠭᠲᠠᠭᠠᠨ ᠲᠠᠪᠠᠲᠠᠢ ᠠᠵᠢᠯᠯᠠᠭᠤᠯᠬᠤ ᠬᠡᠷᠡᠭᠲᠡᠢ ᠭᠡᠵᠡᠢ᠃ | ᠪᠡᠭᠡᠵᠢᠩ ᠲᠢᠶᠠᠨᠵᠢᠨ ᠾᠧᠪᠸᠢ ᠶᠢᠨ ᠤᠯᠤᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠷᠬᠢᠯᠡᠭᠴᠢ ᠸᠠᠩ ᠵᠢᠢ ᠰᠢᠶᠠᠩ᠂ ᠬᠤᠳᠠ ᠶᠢᠨ ᠤᠳᠤᠷᠢᠳᠤᠯᠭ᠎ᠠ ᠰᠦᠨ | ᠬᠤᠤ᠂ ᠴᠢᠶᠣᠤ ᠢᠦᠢ ᡂᠢ᠂ ᠼᠤᠤ ᡁᠢ᠂ ᠵᠦ ᠵᠢᠶᠠᠨ ᠭᠦᠸᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃ |