ᠬᠥᠬᠡᠬᠤᠲᠠ ᠶᠢᠨ ᠬᠤᠶᠠᠷ ᠬᠡᠷᠡᠭ ᠤᠨ ᠵᠢᠱᠢᠶ᠎ᠡ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ︽ᠲᠣᠭᠠᠴᠢᠯᠠᠭᠰᠠᠨ ᠭᠤᠷᠪᠠᠨ ᠪᠦᠲᠦᠭᠡᠭᠳᠡᠬᠦᠨ︾ ᠤ ᠬᠡᠷᠡᠭᠯᠡᠭᠡᠨ ᠤ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2025/2/20
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ 2024 ᠣᠨ ᠤ        ︽ᠲᠣᠭᠠᠴᠢᠯᠠᠭᠰᠠᠨ ᠭᠤᠷᠪᠠᠨ ᠪᠦᠲᠦᠭᠡᠭᠳᠡᠬᠦᠨ︾ ᠤ ᠬᠡᠷᠡᠭᠯᠡᠭᠡᠨ ᠤ ᠠᠬᠤᠢ ᠪᠠᠶᠢᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠪᠡ᠂ ᠡᠭᠦᠨ ᠳᠤ ᠬᠥᠬᠡᠬᠤᠲᠠ ᠶᠢᠨ ᠬᠤᠶᠠᠷ ᠬᠡᠷᠡᠭ ᠤᠨ ᠵᠢᠱᠢᠶ᠎ᠡ ᠰᠣᠩᠭᠤᠭᠳᠠᠪᠠ᠃      ᠬᠤᠶᠠᠷ ᠬᠡᠷᠡᠭ ᠤᠨ ᠵᠢᠱᠢᠶ᠎ᠡ ᠨᠢ ᠲᠤᠰ ᠲᠤᠰ᠄ ᠥᠪᠥᠷ ᠮᠣᠩᠭᠤᠯ ᠤᠨ ᠢᠯᠢ ᠠᠵᠤ ᠦᠢᠯᠡᠰ ᠤᠨ ᠪᠦᠯᠦᠭᠯᠡᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ︽ᠪᠥᠬᠦ ᠬᠡᠯᠬᠢᠶᠡᠨ ᠤ ᠨᠢᠯᠬ᠎ᠠ ᠬᠡᠤᠬᠡᠳ ᠤᠨ ᠨᠠᠶᠢᠷᠠᠯᠭ᠎ᠠ ᠶᠢᠨ ᠰᠦᠨ ᠲᠠᠯᠬ᠎ᠠ ᠶᠢᠨ ᠶᠠᠰᠤ ᠴᠢᠨᠠᠷ ᠢ ᠮᠦᠷᠳᠡᠬᠦ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ︾ ᠬᠢᠭᠡᠳ ᠥᠪᠥᠷ ᠮᠣᠩᠭᠤᠯ ᠤᠨ ᠮᠧᠩ ᠨᠢᠦ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ︽ᠮᠧᠩ ᠨᠢᠦ ᠰᠦ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠮᠡᠳᠡᠭᠡ ᠵᠠᠩᠭᠢ ᠶᠢᠨ ᠪᠥᠬᠦ ᠶᠠᠪᠤᠴᠠ ᠶᠢᠨ ᠮᠦᠷᠳᠡᠯᠲᠡ︾ ᠪᠠᠶᠢᠵᠦ᠂ ︽ᠲᠣᠭᠠᠴᠢᠯᠠᠭᠰᠠᠨ ᠶᠠᠰᠤ ᠴᠢᠨᠠᠷ ᠢ ᠳᠡᠭᠡᠭᠰᠢᠯᠡᠭᠦᠯᠬᠦ︾ ᠳᠤᠮᠳᠠᠬᠢ ︽ᠢᠯᠡ ᠲᠣᠳᠣ ᠬᠡᠷᠡᠭᠯᠡᠭᠡ ᠳᠤ ᠬᠠᠨᠳᠤᠭᠤᠯᠤᠭᠰᠠᠨ ᠶᠠᠰᠤ ᠴᠢᠨᠠᠷ ᠢ ᠮᠥᠷᠳᠡᠨ ᠬᠠᠮᠢᠶᠠᠷᠬᠤ︾ ᠴᠢᠭᠯᠡᠯ ᠤᠨ ᠬᠡᠷᠡᠭᠯᠡᠭᠡᠨ ᠤ ᠠᠬᠤᠢ ᠪᠠᠶᠢᠳᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠠᠵᠤ ᠠᠬᠤᠶᠢᠯᠠᠯ ᠤᠨ ᠬᠥᠲᠥᠯᠥᠨ ᠳᠠᠭᠠᠭᠤᠯᠬᠤ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠬᠡᠷᠡᠭᠯᠡᠭᠡᠨ ᠤ ᠵᠦᠢᠯ ᠤᠨ ᠬᠦᠷᠢᠶᠡᠨ ᠳᠤ ᠲᠣᠭᠠᠴᠢᠯᠠᠭᠰᠠᠨ ᠮᠡᠷᠭᠡᠵᠢᠯ ᠢ ᠠᠭᠤᠰᠤᠯᠴᠠᠭᠤᠯᠤᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ᠬᠡᠷᠡᠭᠯᠡᠭᠡᠨ ᠤ ᠵᠦᠢᠯ ᠤᠨ ᠠᠵᠤ ᠠᠬᠤᠶᠢᠯᠠᠯ ᠤᠨ ᠲᠥᠷᠥᠯ ᠵᠦᠢᠯ ᠤᠨ ᠳᠠᠭᠠᠭᠤᠯᠬᠤ ᠬᠦᠴᠦᠨ᠂ ᠶᠠᠰᠤ ᠴᠢᠨᠠᠷ ᠤᠨ ᠥᠷᠢᠰᠦᠯᠳᠦᠬᠦ ᠬᠦᠴᠦᠨ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ