ᠾᠧ ᠬᠠᠢ ᠳ᠋ᠦᠩ ᠮᠧᠩ ᠨᠢᠦ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/21
      ︵ᠰᠤᠷᠪᠤᠯᠵᠢᠯᠠᠭᠴᠢ ᠯᠢᠶᠠᠩ ᠵᠢᠩ ᠱᠥ︶ 2 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠮᠧᠩ ᠨᠢᠦ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠥᠷᠥᠯ ᠵᠦᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃      ᠾᠧ ᠬᠠᠢ ᠳ᠋ᠦᠩ ᠮᠧᠩ ᠨᠢᠦ ᠴᠠᠭᠠᠨ ᠢᠳᠡᠭᠡᠨ ᠢ ᠨᠠᠷᠢᠯᠢᠭ ᠡᠳ᠋ᠰᠢᠭᠦᠯᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭ᠎ᠠ᠂ ᠦᠢᠯᠡᠳᠬᠦᠨ ᠤ ᠰᠤᠳᠤᠯᠤᠨ ᠨᠡᠭᠡᠭᠡᠯᠲᠡ᠂ ᠵᠠᠬ᠎ᠠ ᠳᠡᠯᠭᠡᠭᠦᠷ ᠤᠨ ᠨᠡᠭᠡᠭᠡᠯᠲᠡ᠂ ᠲᠦᠷᠦᠯ ᠵᠦᠢᠯ ᠤᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠢ ᠲᠥᠯᠥᠭᠡᠯᠡᠨ ᠮᠧᠩ ᠨᠢᠦ ᠪᠦᠯᠦᠭᠯᠡᠯ ᠤᠨ ᠣᠷᠣᠨ ᠤ ᠲᠥᠪ ᠬᠤᠲᠠ ᠶᠢᠨ ᠬᠥᠭᠵᠢᠯᠲᠡ ᠳᠤ ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠪᠠ᠃      ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠬᠡᠯᠡᠬᠦ ᠳᠡᠭᠡᠨ᠂ ᠬᠤᠯᠪᠣᠭᠳᠠᠯ ᠪᠦᠬᠦᠢ ᠭᠠᠵᠠᠷ ᠣᠷᠣᠨ ᠰᠠᠯᠠᠭ᠎ᠠ ᠮᠥᠴᠢᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ︽ᠵᠢᠷᠭᠤᠭᠠᠨ ᠠᠵᠢᠯᠯᠠᠭ᠎ᠠ︾ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠦᠯᠦᠪᠵᠢᠭᠦᠯᠬᠦ ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠬᠢ ᠪᠠᠶᠠᠯᠢᠭ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠪᠦᠬᠦ ᠬᠦᠴᠦᠨ ᠢᠶᠠᠷ ᠢᠶᠠᠨ ᠳᠡᠮᠵᠢᠬᠦ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ᠂ ᠪᠦᠲᠦᠴᠡ ᠶᠢ ᠰᠢᠯᠢᠳᠡᠭᠵᠢᠭᠦᠯᠬᠦ᠂ ᠳᠤᠲᠠᠭᠤᠳᠠᠯ ᠢᠶᠠᠨ ᠨᠥᠬᠦᠪᠥᠷᠢᠯᠡᠬᠦ ᠶᠢ ᠳᠡᠮᠵᠢᠵᠦ᠂ ︽ᠳᠤᠮᠳᠠᠳᠤ ᠤᠯᠤᠰ ᠤᠨ ᠰᠦ ᠶᠢᠨ ᠬᠤᠳᠠ︾ ᠶᠢᠨ ᠪᠠᠶᠢᠷᠢ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠰᠦ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨᠲᠤ ᠮᠠᠯᠵᠢᠯ ᠤᠨ ᠲᠠᠯᠠᠪᠠᠶ᠂ ᠪᠣᠬᠢᠷᠲᠤᠯ ᠥᠬᠡᠶ ᠦᠢᠯᠡᠳᠪᠦᠷᠢ ᠬᠢᠭᠡᠳ ᠰᠣᠶᠣᠯ ᠵᠢᠭᠤᠯᠴᠢᠯᠠᠯ ᠤᠨ ᠪᠡᠶᠡᠴᠢᠯᠡᠨ ᠤᠶᠢᠯᠠᠭᠠᠯᠲᠠ ᠶᠢ ᠠᠭᠤᠰᠤᠯᠴᠠᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠳᠤᠤᠷ᠎ᠠ ᠨᠡᠭᠦᠷᠡᠰᠦᠲᠥ᠋ᠷᠥᠭᠴᠢᠲᠦ ᠣᠷᠴᠢᠯ ᠠᠵᠤ ᠠᠬᠤᠶ ᠳᠤ ᠡᠨᠧᠷᠭᠢ ᠣᠯᠭᠤᠵᠤ᠂ ᠠᠵᠤ ᠦᠢᠯᠡᠰ ᠪᠠ ᠬᠤᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠂ ᠮᠧᠩ ᠨᠢᠦ ᠵᠢᠵᠢᠭ ᠪᠠᠯᠭᠠᠰᠤ ᠶᠢ ᠥᠨᠳᠥᠷ ᠪᠠᠷᠢᠮᠵᠢᠶ᠎ᠠ ᠪᠠᠷ ᠴᠣᠭᠴᠠᠯᠠᠬᠤ ᠬᠡᠷᠡᠭᠲᠡᠶ᠃ ᠠᠵᠤ ᠠᠬᠤᠶᠢᠯᠠᠯ ᠢ ᠲᠤᠰᠠᠯᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠦᠢᠯᠡᠳᠦᠯ ᠴᠢᠳᠠᠪᠬᠢ ᠶᠢ ᠦᠨᠡᠨ ᠬᠦ ᠪᠠᠳᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠲᠤᠰ ᠨᠤᠲᠤᠭ ᠤᠨ ᠠᠵᠤ ᠠᠬᠤᠶᠢᠯᠠᠯ ᠤᠨ ᠬᠡᠯᠬᠢᠶ᠎ᠡ ᠳᠡᠭᠡᠷᠡᠬᠢ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠲᠤᠰ ᠨᠤᠲᠤᠭ ᠤᠨ ᠠᠵᠤ ᠠᠬᠤᠶᠢᠯᠠᠯ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠬᠠᠮᠲᠤᠷᠠᠯᠴᠠᠭᠠᠨ ᠤ ᠠᠵᠠ ᠲᠣᠬᠢᠶᠠᠯ ᠢ ᠡᠷᠢᠯᠬᠢᠯᠡᠵᠦ᠂ ᠠᠷᠭ᠎ᠠ ᠪᠦᠬᠦᠨ ᠢ ᠰᠦᠪᠡᠭᠴᠢᠯᠡᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠭᠡᠵᠡᠢ᠃      ᠮᠧᠩ ᠨᠢᠦ ᠪᠦᠯᠦᠭᠯᠡᠯ ᠤᠨ ᠶᠡᠷᠦᠩᠬᠡᠢ ᠵᠠᠬᠢᠷᠤᠯ ᠭᠤᠤ ᠹᠸᠢ᠂ ᠮᠧᠩ ᠨᠢᠦ ᠪᠦᠯᠦᠭᠯᠡᠯ ᠤᠨ ᠭᠦᠢᠴᠡᠳᠬᠡᠬᠦ ᠶᠡᠷᠦᠩᠬᠡᠢ ᠵᠠᠬᠢᠷᠤᠯ ᠦ᠋ ᠰᠢ ᠴᠦᠨ᠂ ᠬᠤᠳᠠ ᠶᠢᠨ ᠤᠳᠤᠷᠢᠳᠤᠯᠭ᠎ᠠ ᠭᠤᠤ ᠬᠠᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ