ᠾᠧ ᠬᠠᠢ ᠳ᠋ᠦᠩ ᠥᠪᠥᠷ ᠮᠣᠩᠭᠤᠯ ᠪᠠᠩᠬᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠦᠸᠧ ᠳ᠋ᠠ ᠶᠦᠩ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/21
      ︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠥᠪᠥᠷ ᠮᠣᠩᠭᠤᠯ ᠪᠠᠩᠬᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠦᠸᠧ ᠳ᠋ᠠ ᠶᠦᠩ ᠨᠡᠷ ᠲᠠᠢ ᠠᠭᠤᠯᠵᠠᠪᠠ᠃      ᠾᠧ ᠬᠠᠢ ᠳ᠋ᠦᠩ ᠥᠪᠥᠷ ᠮᠣᠩᠭᠤᠯ ᠪᠠᠩᠬᠢ ᠶᠢᠨ ᠤᠷᠳᠤ ᠬᠤᠭᠤᠴᠠᠭᠠᠨ ᠤ ᠲᠤᠷᠰᠢ ᠣᠷᠣᠨ ᠤ ᠲᠥᠪ ᠬᠤᠲᠠ ᠶᠢᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠦ᠂ ᠥᠪᠥᠷ ᠮᠣᠩᠭᠤᠯ ᠤᠨ ᠪᠠᠩᠬᠢ ᠤᠮᠠᠷᠠᠲᠤ ᠬᠢᠯᠢ ᠳᠤ ᠦᠨᠳᠦᠰᠦᠯᠡᠵᠦ᠂ ︽ᠮᠥᠩᠭᠦᠨ ᠭᠦᠢᠯᠭᠡᠭᠡᠨ ᠢᠶᠠᠷ ᠠᠷᠠᠳ ᠲᠦᠮᠡᠨ ᠳᠤ ᠦᠢᠯᠡᠴᠢᠯᠡᠬᠦ︾ ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠬᠡᠬᠤᠲᠠ ᠶᠢᠨ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠶᠢ ᠶᠡᠬᠡᠪᠡᠷ ᠳᠡᠮᠵᠢᠵᠦ᠂ ᠢᠯᠡᠳᠲᠡ ᠠᠮᠵᠢᠯᠲᠠ ᠣᠯᠵᠠᠢ ᠭᠡᠪᠡ᠃ ᠬᠤᠶᠢᠰᠢᠳᠠ᠂ ᠥᠪᠥᠷ ᠮᠣᠩᠭᠤᠯ ᠪᠠᠩᠬᠢ ᠣᠷᠣᠨ ᠤ ᠲᠥᠪ ᠬᠤᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ ᠨᠡᠩ ᠭᠦᠨᠵᠡᠭᠡᠢ ᠣᠷᠣᠯᠴᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠣᠷᠣᠨ ᠤ ᠲᠥᠪ ᠬᠤᠲᠠ ᠳᠤ ᠨᠡᠩ ᠶᠡᠭᠡ ᠳᠡᠮᠵᠢᠯᠭᠡ ᠦᠵᠡᠭᠦᠯᠵᠦ᠂ ᠵᠠᠰᠠᠭ ᠪᠠᠩᠬᠢ ᠶᠢᠨ ᠬᠠᠮᠲᠤᠷᠠᠯᠴᠠᠭ᠎ᠠ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ᠂ ᠨᠡᠩ ᠥᠨᠳᠥᠷ ᠲᠦᠪᠰᠢᠨ ᠲᠡᠶᠢᠰᠢ ᠤᠷᠤᠭᠰᠢᠯᠠᠬᠤ ᠶᠢ ᠬᠦᠰᠡᠵᠦ ᠪᠠᠶᠢᠨ᠎ᠠ᠃ ᠬᠥᠬᠡᠬᠤᠲᠠ ᠲᠡᠷᠢᠭᠦᠨ ᠤ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠨᠦᠬᠦᠴᠡᠯ ᠢ ᠪᠦᠬᠦ ᠬᠦᠴᠦᠨ ᠢᠶᠠᠷ ᠢᠶᠠᠨ ᠴᠤᠭᠴᠠᠯᠠᠵᠤ᠂ ᠥᠪᠥᠷ ᠮᠣᠩᠭᠤᠯ ᠪᠠᠩᠬᠢ ᠶᠢᠨ ᠬᠥᠬᠡᠬᠤᠲᠠ ᠳᠤ ᠲᠤᠬᠠᠶᠢᠯᠠᠭᠰᠠᠨ ᠠᠵᠢᠯ ᠢᠶᠠᠨ ᠥᠷᠭᠡᠳᠬᠡᠬᠦ᠂ ᠪᠤᠵᠠᠭᠠᠶᠢᠷᠠᠨ‌‍ᠬᠦ᠋ᠴᠦᠷᠬᠡᠭᠵᠢᠬᠦ ᠶᠢ ᠪᠦᠬᠦ ᠲᠠᠯ᠎ᠠ ᠪᠠᠷ ᠳᠡᠮᠵᠢᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠠᠮᠲᠤ ᠪᠠᠷ ᠠᠰᠢᠭ ᠬᠦᠷᠳᠡᠬᠦ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠡᠢ᠃      ᠭᠦᠸᠧ ᠳ᠋ᠠ ᠶᠦᠩ ᠥᠪᠥᠷ ᠮᠣᠩᠭᠤᠯ ᠪᠠᠩᠭᠢ ᠶᠢᠨ ᠶᠡᠷᠦᠩᠬᠡᠢ ᠪᠠᠶᠢᠳᠠᠯ ᠢ ᠲᠠᠨᠢᠯᠴᠠᠭᠤᠯᠪᠠ᠃ ᠲᠡᠷᠡ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠪᠠᠩᠬᠢ ᠨᠢ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠪᠠ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠪᠣᠳᠠᠲᠤ ᠴᠣᠭᠴᠠ ᠶᠢᠨ ᠠᠵᠤ ᠠᠬᠤᠶ᠂ ᠬᠡᠷᠡᠭᠯᠡᠭᠡ ᠶᠢ ᠳᠡᠭᠡᠭᠰᠢᠯᠡᠭᠦᠯᠬᠦ᠂ ᠬᠤᠲᠠ ᠬᠥᠳᠡᠭᠡ ᠶᠢ ᠠᠭᠤᠰᠤᠯᠴᠠᠭᠤᠯᠬᠤ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠨᠠᠩ ᠴᠢᠨᠠᠷ ᠰᠠᠶᠢᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠣᠷᠣᠨ ᠤ ᠲᠥᠪ ᠬᠤᠲᠠ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃      ᠬᠤᠳᠠ ᠶᠢᠨ ᠤᠳᠤᠷᠢᠳᠤᠯᠭ᠎ᠠ ᠯᠢᠦ ᠵᠢᠢ ᠶᠢᠩ ᠠᠭᠤᠯᠵᠠᠯᠲᠠ ᠳᠤ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ