ᠭᠦᠭᠡᠬᠤᠲᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠡᠷᠭᠢᠯᠡᠵᠠᠢ
ᠨᠡᠶᠢᠲᠡᠯᠡᠭᠰᠡᠨ ᠴᠠᠭ᠄
2025/2/21
      ᠲᠦᠷᠦᠭᠦᠬᠡᠨ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠠᠴᠠ ᠭᠦᠭᠡᠬᠤᠲᠠ ᠶᠢᠨ ᠨᠡᠶᠢᠭᠡᠮᠴᠢᠯᠡᠭᠰᠡᠨ ᠴᠡᠷᠢᠭ ᠢ ᠬᠦᠷᠢᠶᠡᠯᠡᠬᠦ ᠦᠢᠯᠡᠴᠢᠯᠡᠭᠡᠨ ᠤ ᠵᠢᠱᠢᠶ᠎ᠡ ᠦᠵᠡᠭᠦᠯᠭᠦ ᠬᠦᠷᠢᠶᠡᠯᠡᠩ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠦᠢᠯᠡᠴᠢᠯᠡᠭᠡᠨ ᠤ ᠲᠥᠪ ᠲᠤ︽ᠤᠷᠢᠬᠠᠨ ᠰᠠᠯᠬᠢ ᠠᠵᠢᠯᠯᠠᠭ᠎ᠠ·ᠢᠷᠠᠭᠤ ᠠᠯᠳᠠᠷᠲᠠᠢ ᠪᠠᠷ ᠨᠤᠲᠤᠭ ᠲᠠᠭᠠᠨ ᠪᠤᠴᠠᠯ᠎ᠠ︾ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠤ ᠲᠤᠰᠬᠠᠢ ᠲᠠᠯᠠᠪᠠᠢ ᠤᠷᠢᠨ ᠡᠯᠰᠡᠬᠦ ᠴᠤᠭᠯᠠᠭᠠᠨ ᠡᠷᠭᠢᠯᠡᠪᠡ᠃      ᠲᠣᠰ ᠤᠳᠠᠭᠠᠨ ᠤ ᠠᠵᠢᠯᠯᠠᠭ᠎ᠠ ᠪᠣᠯ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠤᠰᠬᠠᠢ ᠮᠡᠷᠭᠡᠵᠢᠯ ᠳᠠᠪᠠᠭᠤᠯᠢᠭ ᠲᠠᠯ᠎ᠠ ᠶᠢ ᠭᠦᠢᠴᠡᠳ ᠪᠣᠳᠣᠯᠬᠢᠯᠠᠵᠤ᠂ ᠨᠡᠷ᠎ᠡ ᠮᠡᠳᠡᠭᠦᠯᠦᠭᠰᠡᠨ 60 ᠭᠠᠷᠤᠢ ᠠᠵᠤ ᠠᠬᠤᠶᠢᠯᠠᠯ ᠠᠴᠠ 42 ᠰᠢᠯᠢᠳᠡᠭ ᠠᠵᠤ ᠠᠬᠤᠶᠢᠯᠠᠯ ᠢ ᠨᠠᠷᠢᠯᠢᠭ ᠰᠣᠩᠭᠤᠵᠤ᠂ ᠵᠥᠭᠡᠯᠡᠨ ᠲᠣᠨᠤᠭ ᠤᠨ ᠢᠨᠵᠧᠨᠧᠷ᠂ ᠨᠢᠰᠬᠡᠯ ᠤᠨ ᠪᠠᠭᠤᠳᠠᠯ ᠤᠨ ᠦᠢᠯᠡᠴᠢᠯᠡᠭᠡ᠂ ᠠᠭᠠᠷ ᠤᠨ ᠠᠶᠠᠯᠠᠯ ᠤᠨ ᠠᠮᠤᠷ ᠲᠦᠪᠰᠢᠨ ᠤ ᠠᠵᠢᠯᠲᠠᠨ᠂ ᠪᠠᠩᠬᠢ ᠶᠢᠨ ᠦᠢᠯᠡᠴᠢᠯᠡᠭᠡᠨ ᠤ ᠳᠠᠭᠠᠭᠠᠮᠠᠯ ᠵᠡᠷᠭᠡ 400 ᠭᠠᠷᠤᠢ ᠠᠵᠢᠯ ᠤᠨ ᠪᠠᠶᠢᠷᠢ ᠬᠠᠩᠭᠠᠵᠤ᠂ ᠮᠥᠩᠭᠦᠨ ᠭᠦᠢᠯᠭᠡᠭᠡᠨ᠂ ᠪᠠᠷᠢᠯᠭ᠎ᠠ᠂ ᠴᠢᠮᠡᠭᠡ ᠬᠤᠯᠪᠣᠭᠠᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠠᠮᠤᠷ ᠢ ᠬᠠᠮᠠᠭᠠᠯᠠᠬᠤ ᠦᠢᠯᠡᠴᠢᠯᠡᠭᠡ ᠵᠡᠷᠭᠡ 15 ᠠᠵᠢᠯ ᠲᠦᠷᠦᠯ ᠢ ᠬᠠᠮᠤᠷᠤᠭᠰᠠᠨ ᠪᠠᠶᠢᠨ᠎ᠠ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠣᠶᠢᠷ᠎ᠠ ᠶᠢᠨ ᠬᠤᠭᠤᠴᠠᠭᠠᠨ ᠳᠤ ᠵᠢᠯᠣᠭᠤᠴᠢ ᠦᠭᠡᠢ ᠨᠢᠰᠬᠡᠯ ᠪᠠ ᠭᠠᠯ ᠤᠨᠲᠠᠷᠠᠭᠠᠬᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠷᠢ ᠭᠡᠮ ᠣᠯᠣᠭᠰᠠᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠣᠶᠢᠷ᠎ᠠ ᠣᠭᠲᠠᠷᠭᠤᠢ ᠶᠢᠨ ᠠᠵᠤ ᠠᠬᠤᠢ ᠶᠢᠨ ᠠᠵᠢᠯᠲᠠᠨ ᠡᠯᠰᠡᠬᠦ ᠲᠤᠰᠬᠠᠢ ᠲᠣᠭᠤᠷᠢᠭ ᠪᠠ ᠭᠠᠯ ᠤᠨᠲᠠᠷᠠᠭᠠᠬᠤ ᠠᠵᠢᠯ ᠤᠨ ᠪᠠᠶᠢᠷᠢ ᠶᠢᠨ ᠠᠵᠢᠯᠲᠠᠨ ᠡᠯᠰᠡᠬᠦ ᠲᠤᠰᠬᠠᠢ ᠲᠣᠭᠤᠷᠢᠭ ᠭᠠᠷᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠴᠡᠷᠢᠭ ᠤᠨ ᠭᠡᠷ ᠪᠦᠯᠢ ᠶᠢᠨ ᠬᠢᠨ ᠳᠤ ᠣᠨᠣᠴᠠᠲᠠᠢ ᠪᠠᠷ ᠠᠵᠢᠯ ᠣᠯᠭᠤᠪᠠ᠃ ᠡᠭᠦᠨ ᠤ ᠬᠠᠮᠲᠤ᠂ ᠤᠷᠢᠨ ᠡᠯᠰᠡᠬᠦ ᠴᠤᠭᠯᠠᠭᠠᠨ ᠳᠤ ᠪᠠᠰᠠ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ᠂ ᠠᠵᠢᠯ ᠮᠡᠷᠭᠡᠵᠢᠯ ᠤᠨ ᠵᠢᠯᠣᠭᠤᠳᠤᠯᠭ᠎ᠠ ᠬᠢᠬᠦ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠬᠦ ᠵᠡᠷᠭᠡ ᠦᠢᠯᠡᠴᠢᠯᠡᠭᠡᠨ ᠤ ᠲᠤᠰᠬᠠᠢ ᠲᠣᠭᠤᠷᠢᠭ ᠭᠠᠷᠭᠠᠵᠤ᠂︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠲᠥᠷᠥ ᠶᠢᠨ ᠪᠣᠳᠣᠯᠭ᠎ᠠ ᠶᠢᠨ ᠲᠣᠪᠴᠢᠯᠠᠯ︾ ᠵᠡᠷᠭᠡ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠲᠤ ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠠᠵᠢᠯ ᠣᠯᠭᠤᠯᠲᠠ ᠶᠢᠨ ᠦᠢᠯᠡᠴᠢᠯᠡᠭᠡ ᠬᠠᠩᠭᠠᠪᠠ᠃      ᠲᠠᠷᠠᠭᠠᠴᠢ ᠪᠠᠷ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠠᠵᠢᠯ ᠣᠯᠭᠤᠬᠤ ᠣᠯᠠᠨ ᠭᠡᠯᠪᠡᠷᠢ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠣᠶᠢᠯᠠᠭᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠴᠢᠨᠠᠷ ᠰᠠᠶᠢᠲᠠᠢ ᠠᠵᠢᠯ ᠣᠯᠬᠤ ᠳᠤ ᠬᠦᠴᠦᠨ ᠨᠡᠮᠡᠷᠢᠯᠡᠬᠦ ᠪᠣᠯᠣᠨ᠎ᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ