ᠰᠤᠷᠭᠠᠭᠤᠯᠢ ᠡᠬᠢᠯᠡᠬᠦ ᠣᠶᠢᠷᠠᠲᠤᠯ᠎ᠠ᠂ ᠡᠳᠡᠭᠡᠷ ᠤᠨᠠᠭᠤᠯᠢ ᠠᠴᠠ ᠬᠢᠴᠢᠶᠡᠭᠡᠷᠡᠢ
ᠨᠡᠶᠢᠲᠡᠯᠡᠭᠰᠡᠨ ᠴᠠᠭ᠄
2025/2/21
      ᠰᠤᠷᠭᠠᠭᠤᠯᠢ ᠡᠬᠢᠯᠡᠬᠦ ᠴᠠᠭ ᠬᠦᠷᠴᠦ ᠢᠷᠡᠬᠦ ᠶᠢ ᠳᠠᠭᠠᠯᠳᠤᠨ᠂ ᠰᠣᠷᠣᠬᠴᠢ ᠵᠢᠴᠢ ᠭᠡᠷ ᠤᠨ ᠠᠬᠠᠮᠠᠳ ᠲᠤ ᠬᠠᠨᠳᠤᠭᠤᠯᠤᠭᠰᠠᠨ ᠮᠡᠬᠡᠯᠡᠯ ᠣᠯᠠᠨ ᠡᠭᠦᠰᠬᠦ ᠪᠣᠯᠣᠨ᠎ᠠ᠃ ᠴᠠᠭᠳᠠᠭᠠᠨ ᠤ ᠲᠠᠯ᠎ᠠ ᠶᠢᠨ ᠬᠢᠨ᠂ ᠬᠠᠪᠰᠤᠷᠤᠨ ᠵᠢᠯᠤᠭᠤᠳᠬᠤ ᠠᠩᠭᠢ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠥᠨᠳᠥᠷ ᠴᠠᠯᠢᠩ ᠲᠠᠢ ᠠᠵᠢᠯ᠂ ᠲᠣᠭᠯᠠᠭᠠᠮ ᠤᠨ ᠲᠠᠩᠰᠠᠨ ᠨᠣᠮᠧᠷ ᠤᠨ ᠬᠤᠳᠠᠯᠳᠤᠭ᠎ᠠ ᠵᠡᠷᠭᠡ ᠳᠤ ᠬᠤᠯᠪᠣᠭᠳᠠᠭᠰᠠᠨ ᠮᠡᠬᠡᠯᠡᠯ ᠢ ᠰᠡᠷᠡᠮᠵᠢᠯᠡᠵᠦ᠂ ᠵᠣᠭᠤᠰ ᠮᠥᠩᠭᠦ ᠥᠭᠬᠦ ᠳᠡᠭᠡᠨ ᠤᠷᠢᠳ ᠢᠶᠠᠷ ᠬᠢᠨᠠᠨ ᠬᠠᠷᠭᠤᠭᠤᠯᠵᠤ᠂ ᠵᠠᠷᠢᠮ ᠮᠡᠬᠡᠯᠡᠯ ᠤᠨ ᠤᠨᠠᠭᠤᠯᠢ ᠳᠤ ᠤᠨᠠᠬᠤ ᠠᠴᠠ ᠬᠢᠴᠢᠶᠡᠭᠡᠷᠡᠢ ᠭᠡᠵᠦ ᠥᠷᠭᠡᠨ ᠣᠯᠠᠨ ᠭᠡᠷ ᠤᠨ ᠠᠬᠠᠮᠠᠳ ᠪᠣᠯᠣᠨ ᠰᠤᠷᠤᠬᠴᠢᠳ ᠲᠤ ᠰᠠᠨᠠᠭᠤᠯᠪᠠ᠃      ᠲᠢᠶᠠᠨᠵᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠡᠭᠦᠦ ᠶᠢᠨ ᠬᠡᠷᠡᠭ ᠲᠠᠩᠨᠠᠨ ᠪᠠᠶᠢᠴᠠᠭᠠᠬᠤ ᠶᠡᠷᠦᠩᠬᠡᠢ ᠠᠩᠭᠢ ᠶᠢᠨ ᠳᠥᠷᠪᠡᠳᠦᠭᠡᠷ ᠰᠠᠯᠪᠤᠷᠢ ᠠᠩᠭᠢ ᠶᠢᠨ ᠭᠤᠷᠪᠠᠳᠤᠭᠠᠷ ᠶᠡᠭᠡ ᠠᠩᠭᠢ ᠶᠢᠨ ᠳᠡᠳ᠋ ᠳᠠᠷᠤᠭ᠎ᠠ ᠯᠢ ᠵᠢᠶᠠ ᠯᠦ ᠶᠢᠨ ᠰᠠᠨᠠᠭᠤᠯᠤᠭᠰᠠᠨ ᠢᠶᠠᠷ᠂ ᠰᠤᠷᠭᠠᠭᠤᠯᠢ ᠡᠬᠢᠯᠡᠬᠦ ᠴᠠᠭ ᠪᠣᠯᠵᠤ ᠢᠷᠡᠪᠡᠯ ᠮᠡᠬᠡᠯᠡᠭᠴᠢᠳ ᠤᠨ ︽ᠪᠠᠰᠢᠷ︾ ᠲᠠᠰᠤᠷᠠᠯᠲᠠ ᠦᠭᠡᠢ ᠭᠠᠷᠴᠤ ᠢᠷᠡᠳᠡᠭ᠃ ᠵᠢᠱᠢᠶᠡᠯᠡᠪᠡᠯ᠂ ᠨᠡᠯᠢᠶᠡᠳ ᠣᠯᠠᠨ ᠡᠭᠦᠰᠳᠡᠭ ᠬᠠᠪᠰᠤᠷᠤᠨ ᠵᠢᠯᠤᠭᠤᠳᠬᠤ ᠠᠩᠭᠢ ᠶᠢᠨ ᠲᠤᠬᠠᠢ ᠮᠡᠬᠡᠯᠡᠯ ᠳᠤ᠂ ᠮᠡᠬᠡᠯᠡᠭᠴᠢ ᠬᠠᠪᠰᠤᠷᠤᠨ ᠵᠢᠯᠤᠭᠤᠳᠬᠤ ᠪᠠᠶᠢᠭᠤᠯᠤᠮᠵᠢ ᠶᠢᠨ ᠠᠵᠢᠯᠲᠠᠨ ᠪᠤᠶᠤ ᠰᠣᠷᠣᠬᠴᠢ ᠪᠠᠷ ᠣᠪᠯᠠᠵᠤ᠂ ᠰᠣᠷᠣᠬᠴᠢ ᠶᠢᠨ ᠭᠡᠷ ᠤᠨ ᠠᠬᠠᠮᠠᠳ ᠲᠠᠢ ᠬᠠᠷᠢᠯᠴᠠᠵᠤ᠂ ᠰᠣᠷᠣᠬᠴᠢ ᠶᠢ ᠬᠠᠪᠰᠤᠷᠤᠨ ᠵᠢᠯᠤᠭᠤᠳᠬᠤ ᠠᠩᠭᠢ ᠳᠤ ᠰᠤᠷᠤᠯᠴᠠᠬᠤ ᠴᠢᠬᠤᠯᠠᠲᠠᠢ ᠬᠡᠮᠡᠨ ᠬᠤᠳᠠᠯ ᠬᠡᠯᠡᠵᠦ᠂ ᠭᠡᠷ ᠤᠨ ᠠᠬᠠᠮᠠᠳ ᠢ ᠰᠦᠢᠳᠬᠡᠯ ᠲᠤᠰᠢᠶᠠᠬᠤ ᠬᠡᠷᠡᠭᠲᠡᠢ ᠭᠡᠵᠦ ᠱᠠᠭᠠᠷᠳᠠᠳᠠᠭ᠃ ᠮᠡᠬᠡᠯᠡᠭᠴᠢ ︽ᠰᠤᠷᠤᠬᠴᠢ ᠡᠯᠰᠡᠬᠦ ᠣᠷᠣᠨ ᠲᠤᠭ᠎ᠠ ᠬᠢᠵᠠᠭᠠᠷ ᠲᠠᠢ︾᠂ ︽ᠨᠡᠷ᠎ᠡ ᠮᠡᠳᠡᠭᠦᠯᠬᠦ ᠴᠠᠭ ᠥᠩᠭᠡᠷᠡᠬᠦ ᠪᠣᠯᠣᠯ᠎ᠠ︾ ᠵᠡᠷᠭᠡ ᠰᠢᠯᠲᠠᠭ ᠢᠶᠠᠷ ᠭᠡᠷ ᠤᠨ ᠠᠬᠠᠮᠠᠳ ᠢ ᠰᠠᠨᠳᠤᠷᠤᠭᠤᠯᠤᠨ᠂ ᠬᠢᠨᠠᠨ ᠬᠠᠷᠭᠤᠭᠤᠯᠬᠤ ᠵᠠᠪ ᠦᠭᠡᠢ ᠪᠤᠯᠭᠠᠬᠤ  ᠶᠢᠨ ᠵᠡᠷᠭᠡ ᠪᠠᠷ ᠮᠡᠬᠡᠯᠡᠳᠡᠭ᠃      ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠮᠡᠬᠡᠯᠡᠯ ᠤᠨ ᠠᠵᠢᠯᠯᠠᠭ᠎ᠠ ᠳᠤ ᠮᠡᠬᠡᠯᠡᠭᠴᠢ ᠰᠤᠷᠭᠠᠭᠤᠯᠢ ᠪᠤᠶᠤ ᠰᠤᠷᠭᠠᠨ ᠬᠥᠮᠦᠵᠢᠯ ᠤᠨ ᠲᠣᠪᠴᠢᠶᠠᠨ ᠤ ᠠᠵᠢᠯᠲᠠᠨ ᠢᠶᠠᠷ ᠣᠪᠯᠠᠵᠤ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢᠨ ᠣᠷᠣᠨ ᠲᠤᠭ᠎ᠠ ᠲᠠᠢ᠂ ᠮᠡᠳᠡᠭᠡ ᠵᠠᠩᠭᠢ ᠪᠠᠨ ᠬᠠᠩᠭᠠᠵᠤ ᠬᠠᠮᠢᠶ᠎ᠠ ᠪᠦᠬᠦᠢ ᠭᠠᠷᠳᠠᠮ ᠢ  ᠭᠦᠢᠴᠡᠳᠬᠡᠪᠡᠯ ᠳᠠᠷᠤᠢ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠭᠡᠷ ᠤᠨ ᠠᠬᠠᠮᠠᠳ ᠤᠨ ᠪᠠᠩᠬᠢ ᠶᠢᠨ ᠲᠠᠩᠰᠠᠨ ᠡᠷᠦᠭᠡ ᠳᠤ ᠣᠷᠣᠭᠤᠯᠵᠤ ᠪᠣᠯᠣᠨ᠎ᠠ ᠭᠡᠵᠦ ᠬᠤᠳᠠᠯ ᠬᠡᠯᠡᠳᠡᠭ᠃ ᠲᠡᠭᠡᠭᠡᠳ ᠭᠡᠷ ᠤᠨ ᠠᠬᠠᠮᠠᠳ ᠤᠨ ᠮᠡᠳᠡᠭᠡ ᠵᠠᠩᠭᠢ ᠶᠢ ᠨᠢ ᠮᠡᠬᠡᠯᠡᠨ ᠠᠪᠤᠭᠰᠠᠨ ᠤ ᠳᠠᠷᠠᠭ᠎ᠠ᠂ ᠮᠡᠬᠡᠯᠡᠭᠴᠢ ︽ᠬᠤᠯᠪᠣᠭᠳᠠᠯ ᠪᠦᠬᠦᠢ ᠰᠦᠢᠳᠬᠡᠯ ᠲᠤᠰᠢᠶᠠᠪᠠᠯ ᠰᠠᠶ᠋ᠢ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠣᠯᠵᠤ ᠪᠣᠯᠣᠨ᠎ᠠ︾ ᠭᠡᠳᠡᠭ ᠢᠶᠠᠷ ᠰᠢᠯᠲᠠᠭ ᠪᠤᠯᠭᠠᠵᠤ᠂ ᠭᠡᠷ ᠤᠨ ᠠᠬᠠᠮᠠᠳ ᠢ ᠵᠣᠭᠤᠰ ᠰᠢᠯᠵᠢᠭᠦᠯᠬᠦ ᠪᠠᠷ ᠱᠠᠭᠠᠷᠳᠠᠨ᠎ᠠ᠃      ᠵᠠᠬᠢᠶᠠᠯᠠᠭ᠎ᠠ ᠵᠠᠬᠢᠶᠠᠯᠠᠬᠤ᠂ ᠲᠣᠭᠯᠠᠭᠠᠮ ᠤᠨ ᠲᠠᠩᠰᠠᠨ ᠨᠣᠮᠧᠷ ᠤᠨ ᠮᠡᠬᠡᠯᠡᠯ ᠨᠢ ᠰᠤᠷᠭᠠᠭᠤᠯᠢ ᠡᠬᠢᠯᠡᠬᠦ ᠦᠶ᠎ᠡ ᠳᠤ ᠶᠡᠭᠡ ᠰᠤᠷᠭᠠᠭᠤᠯᠢ ᠶᠢᠨ ᠬᠦᠷᠢᠶᠡᠨ ᠳᠤ ᠤᠯᠠᠨ ᠡᠭᠦᠰᠳᠡᠭ᠃ ᠬᠠᠤᠯᠢ ᠪᠤᠰᠤ ᠡᠲᠡᠭᠡᠳ ᠥᠨᠳᠥᠷ ᠴᠠᠯᠢᠩ ᠢᠶᠠᠷ ᠰᠤᠷᠤᠬᠴᠢᠳ ᠢ ᠥᠳᠥᠭᠡᠨ ᠲᠠᠲᠠᠵᠤ ᠰᠦᠯᠵᠢᠶᠡᠨ ᠳᠡᠭᠡᠷ᠎ᠡ ᠵᠠᠬᠢᠶᠠᠯᠠᠭ᠎ᠠ ᠠᠪᠤᠭᠤᠯᠵᠤ᠂ ᠤᠷᠢᠳ ᠢᠶᠠᠷ ᠵᠢᠭᠠᠬᠠᠨ ᠠᠰᠢᠭ ᠣᠯᠭᠤᠵᠤ᠂ ᠰᠤᠷᠤᠬᠴᠢᠳ ᠶᠡᠭᠡ ᠬᠡᠮᠵᠢᠶᠡᠨ ᠤ ᠪᠡᠯᠡ ᠮᠥᠩᠭᠦ ᠣᠷᠣᠭᠤᠯᠤᠭᠰᠠᠨ ᠤ ᠳᠠᠷᠠᠭ᠎ᠠ᠂ ᠡᠯᠳᠡᠪ ᠵᠦᠢᠯ ᠤᠨ ᠰᠢᠯᠲᠠᠭ ᠢᠶᠠᠷ ᠴᠠᠯᠢᠩ ᠣᠯᠭᠤᠮᠵᠢ ᠶᠢ ᠨᠢ ᠥᠭᠬᠦ ᠦᠭᠡᠢ ᠪᠣᠯᠵᠤ ᠪᠡᠷ᠎ᠡ ᠰᠤᠷᠠᠭ ᠲᠠᠰᠤᠷᠠᠳᠠᠭ᠃ ᠵᠠᠷᠢᠮ ᠮᠡᠬᠡᠯᠡᠭᠴᠢ ᠲᠣᠭᠯᠠᠭᠠᠮ ᠤᠨ ᠲᠠᠪᠴᠠᠩ ᠪᠤᠶᠤ ᠨᠡᠶᠢᠭᠡᠮ ᠤᠨ ᠬᠠᠷᠢᠯᠴᠠᠭᠠᠨ ᠤ ᠲᠠᠪᠴᠠᠩ ᠳᠡᠭᠡᠷ᠎ᠡ ᠲᠣᠭᠯᠠᠭᠠᠮ ᠤᠨ ᠲᠠᠩᠰᠠᠨ ᠨᠣᠮᠧᠷ ᠬᠤᠳᠠᠯᠳᠤᠨ ᠠᠪᠬᠤ ᠵᠠᠷ ᠨᠡᠶᠢᠲᠡᠯᠡᠵᠦ᠂ ᠬᠥᠮᠥᠰ ᠢ ᠱᠠᠭᠠᠷᠳᠠᠨ ᠨᠢᠭᠤᠴᠠ ᠲᠠᠪᠴᠠᠩ ᠳᠤ ᠵᠣᠭᠤᠰ ᠥᠭᠭᠦᠭᠦᠯᠦᠭᠰᠡᠨ ᠤ ᠳᠠᠷᠠᠭ᠎ᠠ ᠲᠠᠪᠴᠠᠩ ᠠᠰᠠᠭᠤᠳᠠᠯ ᠭᠠᠷᠤᠭᠰᠠᠨ ᠵᠡᠷᠭᠡ ᠰᠢᠯᠲᠠᠭᠠᠨ ᠢᠶᠠᠷ ᠬᠥᠮᠥᠰ ᠢ ᠨᠡᠩ ᠤᠯᠠᠨ ᠵᠣᠭᠤᠰ ᠦᠭᠭᠦᠭᠦᠯᠭᠦ  ᠪᠠᠷ ᠱᠠᠭᠠᠷᠳᠠᠨ᠎ᠠ᠃      ᠯᠢ ᠵᠢᠶᠠ ᠯᠦ᠂ ᠮᠡᠬᠡᠯᠡᠭᠴᠢ ᠪᠠᠰᠠ ᠪᠠᠭᠰᠢ ᠰᠣᠷᠣᠬᠴᠢ ᠪᠠᠷ ᠣᠪᠯᠠᠨ ᠰᠢᠨ᠎ᠡ ᠰᠣᠷᠣᠬᠴᠢ ᠶᠢᠨ ᠵᠢᠷᠭᠢᠶ᠎ᠡ ᠬᠤᠯᠪᠤᠭ᠎ᠠ ᠳᠤ ︽ᠬᠤᠳᠬᠤᠨ ᠣᠷᠣᠵᠤ︾᠂ ᠭᠠᠷ ᠤᠲᠠᠰᠤ᠂ ᠤᠲᠠᠰᠤᠨ ᠺᠠᠷᠲ ᠵᠡᠷᠭᠡ ᠡᠳ᠋ ᠪᠣᠳᠠᠰ ᠪᠣᠷᠣᠯᠠᠭᠤᠯᠬᠤ ᠪᠤᠶᠤ ᠪᠠᠭᠰᠢ ᠪᠠᠷ ᠣᠪᠯᠠᠨ ᠭᠡᠷ ᠤᠨ ᠠᠬᠠᠮᠠᠳ ᠲᠤ ᠬᠠᠤᠯᠢ ᠪᠤᠰᠤ ᠰᠦᠯᠵᠢᠶ᠎ᠡ ᠬᠤᠯᠪᠣᠭᠠᠰᠤ ᠪᠦᠬᠦᠢ ᠴᠢᠮᠡᠭᠡ ᠶᠠᠪᠤᠭᠤᠯᠵᠤ᠂ ᠬᠤᠪᠢ ᠬᠥᠮᠥᠨ ᠤ ᠮᠡᠳᠡᠭᠡ ᠵᠠᠩᠭᠢ ᠶᠢ ᠬᠤᠯᠠᠭᠠᠶᠢᠯᠠᠨ ᠠᠪᠬᠤ ᠠᠴᠠ ᠰᠡᠷᠭᠡᠶᠢᠯᠡᠬᠦ ᠬᠡᠷᠡᠭᠲᠡᠢ ᠭᠡᠪᠡ᠃      ︽ᠡᠲᠡᠭᠡᠷ ᠪᠠᠶᠢᠳᠠᠯ ᠲᠤᠯᠭᠠᠷᠠᠪᠠᠯ᠂ ᠡᠩ ᠲᠡᠷᠢᠭᠦᠨ ᠳᠤ ᠠᠯᠪᠠᠨ ᠤ ᠲᠠᠯ᠎ᠠ ᠶᠢᠨ ᠠᠷᠭ᠎ᠠ ᠵᠠᠮ ᠢᠶᠠᠷ ᠳᠠᠮᠵᠢᠨ ᠬᠢᠨᠠᠨ ᠬᠠᠷᠭᠤᠭᠤᠯᠬᠤ ᠬᠡᠷᠡᠭᠲᠡᠢ︾᠃ ᠯᠢ ᠵᠢᠶᠠ ᠯᠦ᠂ ᠰᠤᠷᠤᠯᠭ᠎ᠠ ᠶᠢᠨ ᠲᠡᠳᠬᠦᠮᠵᠢ ᠶᠢᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠵᠡᠷᠭᠡ ᠲᠥᠷᠥ ᠶᠢᠨ ᠪᠣᠳᠣᠯᠭ᠎ᠠ ᠶᠢ ᠶᠡᠷᠦ ᠳᠡᠭᠡᠨ ᠰᠤᠷᠭᠠᠭᠤᠯᠢ ᠶᠢᠨ ᠠᠯᠪᠠᠨ ᠤ ᠲᠠᠯ᠎ᠠ ᠠᠴᠠ ᠨᠡᠶᠢᠲᠡᠯᠡᠳᠡᠭ᠂ ᠠᠯᠪᠠᠨ ᠤ ᠪᠤᠰᠤ  ᠮᠡᠳᠡᠭᠡ ᠵᠠᠩᠭᠢ ᠶᠢ ᠠᠮᠠᠷᠬᠠᠨ ᠢᠲᠡᠭᠡᠵᠦ ᠪᠤᠯᠬᠤ ᠦᠭᠡᠢ᠂ ᠨᠠᠩ ᠴᠤ ᠲᠠᠨᠢᠯ ᠪᠤᠰᠤ ᠲᠠᠩᠰᠠᠨ ᠡᠷᠦᠭᠡ ᠳᠤ ᠵᠣᠭᠤᠰ ᠭᠤᠪᠢᠭᠤᠯᠵᠤ ᠪᠤᠯᠬᠤ ᠦᠭᠡᠢ᠃ ᠰᠢᠨ᠎ᠡ ᠰᠤᠷᠤᠬᠴᠢᠳ ᠤᠨ ᠳᠤᠮᠳᠠ ᠰᠦᠢᠳᠬᠡᠯ ᠬᠤᠷᠢᠶᠠᠬᠤ ᠵᠡᠷᠭᠡ ᠶᠠᠪᠤᠳᠠᠯ ᠭᠠᠷᠪᠠᠯ᠂ ᠡᠷᠬᠡᠪᠰᠢ ᠰᠤᠷᠭᠠᠭᠤᠯᠢ ᠶᠢᠨ ᠪᠠᠭᠰᠢ ᠲᠠᠢ ᠬᠠᠷᠢᠯᠴᠠᠵᠤ ᠬᠢᠨᠠᠨ ᠬᠠᠷᠭᠤᠭᠤᠯᠬᠤ ᠬᠡᠷᠡᠭᠲᠡᠢ᠂ ᠬᠥᠩᠭᠡᠨ ᠬᠠᠭᠤᠳᠠᠮ ᠢᠶᠠᠷ ᠪᠤᠰᠤᠳ ᠢ ᠢᠲᠡᠭᠡᠵᠦ᠂ ᠲᠣᠳᠣᠷᠬᠠᠢ ᠪᠤᠰᠤ ᠰᠦᠯᠵᠢᠶᠡᠨ ᠤ ᠬᠤᠯᠪᠣᠭᠠᠰᠤ ᠳᠤ ᠣᠷᠣᠵᠤ ᠪᠤᠯᠬᠤ ᠦᠭᠡᠢ᠃  ᠬᠤᠪᠢ ᠬᠥᠮᠥᠨ ᠤ ᠮᠡᠳᠡᠭᠡ ᠵᠠᠩᠭᠢ ᠪᠠᠨ ᠵᠠᠳᠠᠷᠠᠭᠤᠯᠵᠤ ᠪᠤᠯᠬᠤ ᠦᠭᠡᠢ᠂ ᠵᠣᠭᠤᠰ ᠰᠢᠯᠵᠢᠭᠦᠯᠬᠦ  ᠳᠡᠭᠡᠨ ᠢᠯᠡᠭᠦᠬᠡᠨ ᠬᠢᠨᠠᠨ ᠬᠠᠷᠭᠤᠭᠤᠯᠬᠤ ᠬᠡᠷᠡᠭᠲᠡᠢ ᠭᠡᠵᠦ ᠰᠠᠨᠠᠭᠤᠯᠪᠠ᠃      ︵ᠰᠢᠨᠬᠤᠸᠠ ᠬᠤᠷᠢᠶ᠎ᠠ ᠶᠢᠨ ᠲᠢᠶᠠᠨᠵᠢᠨ ᠤ 2 ᠰᠠᠷ᠎ᠠ ᠶᠢᠨ 16 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ