ᠭᠦᠭᠡᠬᠤᠳᠠ ᠲᠦᠷᠦᠭᠦᠬᠡᠨ ︽ᠰᠣᠶᠣᠯ ᠤᠨ ᠡᠭᠦᠳᠦᠯᠲᠡ ᠶᠢᠨ ᠭᠦᠭᠡᠬᠤᠲᠠ︾ ᠰᠣᠶᠣᠯ ᠦᠵᠡᠰᠭᠦᠯᠡᠩ ᠤᠨ ᠲᠦᠷᠦᠯ ᠲᠡᠮᠳᠡᠭ ᠢ ᠨᠡᠶᠢᠲᠡᠯᠡᠵᠦ᠂ ᠲᠦᠷᠦᠯ | ᠲᠡᠮᠳᠡᠭ ᠤᠨ ᠠᠩᠬᠠᠨ ᠤ ᠳᠡᠯᠭᠡᠭᠦᠷ ᠪᠤᠯᠬᠤ ᠵᠣᠣ ᠵᠢᠶᠦ᠋ᠨ ᠮᠦᠽᠧᠢ ᠶᠢᠨ ᠰᠣᠶᠣᠯ ᠤᠨ ᠡᠭᠦᠳᠦᠯᠲᠡ ᠶᠢᠨ ᠳᠡᠯᠭᠡᠭᠦᠷ ᠴᠦ ᠡᠭᠦᠳᠡ ᠪᠠᠨ ᠨᠡᠭᠡᠭᠡᠨ ᠡᠷᠦᠭᠡ ᠪᠠᠨ | ᠰᠡᠬᠦᠵᠦ᠂ ᠭᠦᠭᠡᠬᠤᠲᠠ ᠶᠢᠨ ︽ᠮᠦᠽᠧᠢ ᠶᠢᠨ ᠬᠤᠲᠠ︾ ᠶᠢᠨ ᠪᠦᠲᠦᠭᠡᠨ ᠪᠠᠶᠢᠭᠤᠯᠤᠯᠲᠠ ᠳᠤ ᠥᠩᠭᠡ ᠪᠤᠳᠤᠭ ᠨᠡᠮᠡᠷᠢᠯᠡᠪᠡ᠃ | ︽ᠰᠣᠶᠣᠯ ᠤᠨ ᠡᠭᠦᠳᠦᠯᠲᠡ ᠶᠢᠨ ᠭᠦᠭᠡᠬᠤᠲᠠ︾ ᠵᠤᠤ ᠵᠢᠶᠦ᠋ᠨ ᠮᠦᠽᠧᠢ ᠶᠢᠨ ᠰᠣᠶᠣᠯ ᠤᠨ ᠡᠭᠦᠳᠦᠯᠲᠡ ᠶᠢᠨ ᠳᠡᠯᠭᠡᠭᠦᠷ ᠤᠨ ᠲᠠᠯᠠᠪᠠᠢ ᠪᠠᠷᠤᠭ | 459 ᠲᠡᠭᠰᠢ ᠳᠥᠷᠪᠡᠯᠵᠢᠨ ᠮᠧᠲᠷ ᠪᠠᠶᠢᠵᠤ᠂ ᠰᠣᠶᠣᠯ ᠤᠨ ᠪᠡᠶᠡᠴᠢ ᠣᠶᠢᠯᠠᠭᠠᠯᠲᠠ ᠪᠠ ᠰᠡᠯᠡᠭᠦᠴᠡᠯ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ | ᠶᠡᠷᠦᠩᠬᠡᠶᠢᠯᠡᠭᠰᠡᠨ ᠴᠢᠨᠠᠷᠲᠠᠢ ᠬᠤᠳᠠᠯᠳᠤᠭᠠᠨ ᠤ ᠣᠷᠣᠨ ᠵᠠᠢ ᠪᠣᠯᠣᠨ᠎ᠠ᠃ ᠲᠤᠰ ᠳᠡᠯᠭᠡᠭᠦᠷ ᠨᠢ ︽ᠮᠢᠩᠭᠠᠨ ᠣᠨ ᠢ ᠲᠤᠭᠤᠯᠵᠦ ᠰᠣᠶᠣᠯ ᠤᠨ ᠰᠢᠨ᠎ᠡ ᠶᠢ ᠡᠭᠦᠳᠬᠦ︾ | ᠪᠠᠷ ᠭᠤᠣᠯ ᠰᠡᠳᠦᠪ ᠪᠣᠯᠭᠠᠨ᠂ ᠳᠡᠯᠭᠡᠭᠦᠷ ᠲᠡᠭᠡᠨ ᠠᠯᠢ ᠤᠯᠠᠨ ᠥᠪᠡᠷᠮᠢᠴᠡ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠳᠡᠯᠭᠡᠨ | ᠦᠵᠡᠭᠦᠯᠵᠦ᠂ ᠭᠤᠶᠢᠳᠠ ᠰᠠᠶᠢᠬᠠᠨ ᠵᠤᠤ ᠵᠢᠶᠦ᠋ᠨ ᠤ ᠭᠤᠣᠯ ᠰᠡᠳᠦᠪᠲᠦ ᠴᠢᠮᠡᠭᠯᠡᠯ ᠠᠴᠠ ᠠᠪᠤᠭᠠᠳ ᠬᠠᠨ ᠤᠯᠤᠰ ᠲᠠᠩ ᠤᠯᠤᠰ ᠤᠨ ᠦᠶ᠎ᠡ ᠶᠢᠨ ᠬᠠᠮᠢᠶ᠎ᠠ | ᠪᠦᠬᠦᠢ ᠡᠯᠧᠮᠧᠨ᠋ᠲ ᠢ ᠠᠭᠤᠰᠤᠯᠴᠠᠭᠤᠯᠤᠭᠰᠠᠨ ᠡᠳᠦᠷ ᠲᠤᠳᠤᠮ ᠤᠨ ᠬᠡᠷᠡᠭᠯᠡᠭᠡᠨ ᠤ ᠡᠳ᠋ ᠭᠦᠷᠲᠡᠯ᠎ᠡ᠂ ᠪᠦᠲᠦᠭᠡᠭᠳᠡᠬᠦᠨ ᠨᠢᠭᠡᠪᠦᠷᠢ ᠨᠢ ᠴᠥᠮ ᠲᠡᠦᠬᠡ ᠶᠢᠨ ᠢᠮ | ᠲᠠᠮᠠᠭ᠎ᠠ ᠪᠠ ᠰᠣᠶᠣᠯ ᠤᠨ ᠠᠮᠢᠵᠢᠷᠠᠯ ᠤᠨ ᠬᠦᠴᠦᠨ ᠢ ᠠᠴᠢᠶᠠᠯᠠᠵᠤ ᠪᠠᠶᠢᠯ᠎ᠠ᠃ ᠲᠤᠰ ᠳᠡᠯᠭᠡᠭᠦᠷ ᠪᠠᠰᠠ ᠤᠯᠠᠨ ᠶᠠᠩᠵᠤ ᠶᠢᠨ ᠰᠡᠭᠦᠳᠡᠷ ᠲᠠᠲᠠᠵᠤ ᠳᠤᠷᠠᠰᠬᠠᠯ | ᠦᠯᠡᠳᠡᠭᠡᠬᠦ ᠪᠠ ᠠᠮᠠᠷᠠᠨ ᠰᠡᠯᠡᠭᠦᠴᠡᠬᠦ ᠣᠷᠣᠨ ᠵᠠᠢ ᠬᠠᠩᠭᠠᠵᠤ᠂ ᠵᠢᠭᠤᠯᠴᠢᠯᠠᠬᠰᠠᠳ ᠲᠣᠭᠤᠷᠢᠨ ᠦᠵᠡᠬᠦ ᠶᠢᠨ ᠳᠠᠭᠠᠤ ᠵᠤᠭᠠᠯᠠᠨ ᠰᠡᠯᠡᠭᠦᠴᠡᠵᠦ ᠪᠤᠯᠳᠠᠭ᠃ ᠨᠡᠩ | ᠴᠦ ᠥᠪᠡᠷᠮᠢᠴᠡ ᠣᠨᠴᠠᠯᠢᠭ ᠲᠠᠢ ᠬᠤᠪᠴᠠᠰᠤ ᠵᠠᠰᠠᠯ ᠤᠨ ᠦᠢᠯᠡᠴᠢᠯᠡᠭᠡ ᠨᠢ ᠵᠢᠭᠤᠯᠴᠢᠯᠠᠬᠰᠠᠳ ᠲᠤ ᠴᠠᠭ ᠣᠷᠣᠨ ᠵᠠᠢ ᠶᠢ ᠲᠤᠭᠤᠯᠵᠦ᠂ ᠡᠷᠲᠡᠨ ᠤ ᠡᠷᠢᠨ | ᠵᠠᠭᠤᠨ ᠳᠤ ᠭᠦᠷᠦᠭᠰᠡᠨ ᠮᠡᠲᠦ ᠡᠲᠡᠭᠡᠳ ᠰᠠᠶᠢᠬᠠᠨ ᠲᠥᠷᠥᠭᠳᠡᠯ ᠥᠭᠴᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ | ᠮᠡᠳᠡᠷᠡᠭᠦᠯᠦᠨ᠎ᠡ᠃ ᠰᠣᠶᠣᠯ ᠤᠨ ᠡᠭᠦᠳᠦᠯᠲᠡ ᠶᠢᠨ ᠳᠡᠯᠭᠡᠭᠦᠷ ᠨᠡᠭᠡᠭᠡᠭᠰᠡᠨ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠬᠤ | ᠪᠠ ᠰᠢᠨ᠎ᠡ ᠶᠢ ᠡᠭᠦᠳᠬᠦ ᠴᠢᠬᠤᠯᠠ ᠦᠵᠡᠭᠦᠯᠭᠡ ᠶᠢᠨ ᠴᠣᠩᠬᠤᠪᠴᠢ ᠪᠣᠯᠤᠭᠰᠠᠨ ᠢᠶᠠᠷ ᠪᠠᠷᠠᠬᠤ ᠦᠭᠡᠢ᠂ ᠨᠡᠩ ᠴᠤ ᠣᠷᠣᠨ ᠤ ᠲᠥᠪ ᠭᠦᠭᠡᠬᠤᠳᠠ ᠶᠢᠨ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠵᠠᠢ᠃ | | | |