ᠬᠤᠲᠠ ᠶᠢᠨ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/24
ᠾᠧ ᠬᠠᠢ ᠳ᠋ᠦᠩ ᠬᠤᠷᠠᠯ ᠡᠷᠬᠢᠯᠡᠪᠡ      ︵ᠰᠤᠷᠪᠤᠯᠵᠢᠯᠠᠭᠴᠢ ᠯᠢᠶᠠᠩ ᠵᠢᠩ ᠱᠦ︶ 2 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ 2025 ᠣᠨ ᠤ ᠬᠤᠶᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ︽2024 ᠣᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ︾  ︽2024 ᠣᠨ ᠤ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ︾ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃       ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠾᠧ ᠬᠠᠢ ᠳ᠋ᠦᠩ ᠬᠤᠷᠠᠯ ᠢ ᠡᠷᠬᠢᠯᠡᠪᠡ᠃       ᠬᠤᠷᠠᠯ ᠠᠴᠠ ᠴᠢᠬᠤᠯᠠᠴᠢᠯᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠭᠰᠡᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠣᠳᠣᠬᠠᠨ ᠤ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠪᠠ ᠠᠶᠤᠯᠭᠦᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠪᠦᠬᠦ ᠬᠤᠲᠠ ᠶᠢᠨ ᠬᠡᠪᠴᠢᠶᠡᠨ ᠳᠤ ᠪᠦᠬᠦ ᠲᠠᠯ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠪᠠᠶᠢᠭᠠᠯᠢ ᠶᠢᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠠᠶᠤᠯ ᠠᠴᠠ ᠵᠠᠶᠢᠯᠠᠬᠤ ᠮᠡᠳᠡᠯᠭᠡ ᠶᠢ ᠶᠡᠭᠡ ᠪᠠᠷ ᠲᠦᠭᠡᠮᠡᠯᠵᠢᠭᠦᠯᠵᠦ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ︽ᠳᠥᠷᠪᠡᠨ ᠰᠤᠷᠲᠠᠯ︾ ᠤᠨ ᠠᠰᠠᠭᠤᠳᠠᠯ ᠤᠨ ᠰᠢᠨ᠎ᠡ ᠣᠨᠴᠠᠯᠢᠭ᠂ ᠰᠢᠨ᠎ᠡ ᠴᠤᠬᠤᠶᠢᠯᠲᠠ᠂ ᠰᠢᠨ᠎ᠡ ᠠᠷᠭ᠎ᠠ ᠮᠠᠶ᠋ᠢᠭ ᠢ ᠴᠢᠩᠭ᠎ᠠ ᠠᠩᠬᠠᠷᠴᠤ᠂ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠵᠤ᠂ ᠪᠢᠴᠢᠭ ᠮᠠᠲ᠋ᠧᠷᠢᠶᠠᠯ ᠢ ᠴᠣᠮᠬᠠᠳᠬᠠᠨ ᠬᠤᠷᠠᠯ ᠢ ᠴᠥᠭᠡᠳᠬᠡᠬᠦ ᠶᠢ ᠠᠬᠢᠭᠤᠯᠵᠤ᠂ ᠵᠤᠬᠢᠶᠠᠯ ᠤᠨ ᠰᠤᠷᠲᠠᠯ ᠬᠤᠷᠠᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ᠃ ᠰᠠᠶᠢᠨ ᠲᠤᠷᠰᠢᠯᠭ᠎ᠠ ᠰᠠᠶᠢᠨ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠳᠦᠷ ᠲᠤᠳᠤᠮ ᠤᠨ ᠪᠣᠳᠠᠲᠠᠢ ᠠᠵᠢᠯ ᠳᠠᠭᠠᠨ ᠭᠦᠨᠵᠡᠭᠡᠢ ᠠᠭᠤᠰᠤᠯᠴᠠᠭᠤᠯᠬᠤ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ