ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/2/24
ᠾᠧ ᠬᠠᠢ ᠳ᠋ᠦᠩ ᠬᠤᠷᠠᠯ ᠡᠷᠬᠢᠯᠡᠪᠡ       ︵ᠰᠤᠷᠪᠤᠯᠵᠢᠯᠠᠭᠴᠢ ᠯᠢᠶᠠᠩ ᠵᠢᠩ ᠱᠦ︶ 2 ᠳ᠋ᠤᠭᠠᠷ ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠱᠠᠨᠳᠦ᠋ᠩ ᠶᠡᠭᠡ ᠰᠤᠷᠭᠠᠭᠤᠯᠢ   ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠬᠠᠮᠲᠤᠷᠠᠨ〈ᠱᠠᠨᠳᠦ᠋ᠩ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ〉 ᠢ ᠪᠠᠶᠢᠭᠤᠯᠬᠤ ᠬᠠᠮᠲᠤᠷᠠᠯᠴᠠᠭᠠᠨ ᠤ ᠬᠡᠯᠡᠯᠴᠡᠭᠡᠷ︾  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ   ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠵᠥᠪᠳᠡᠯᠴᠡᠬᠦ ᠳᠦᠷᠢᠮ ᠤᠨ ᠵᠥᠪᠯᠡᠨ ᠲᠣᠭᠲᠠᠭᠠᠭᠰᠠᠨ ᠪᠢᠴᠢᠭ ︵2025 ︱ 2027 ᠣᠨ︶︾  ︽ᠬᠥᠬᠡᠬᠤᠲᠠ ᠶᠢᠨ ᠬᠥᠩᠭᠡᠵᠢᠭᠰᠡᠨ ᠡᠮᠡᠭᠲᠡᠶᠢᠴᠦᠳ ᠤᠨ〈ᠨᠢᠭᠡ ᠴᠣᠮᠣ ᠰᠦ〉 ᠶᠢᠨ ᠦᠷᠡᠵᠢᠯ ᠤᠨ ᠬᠠᠯᠠᠮᠵᠢᠯᠠᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2025 ︱ 2027 ᠣᠨ︶︾ ᠵᠢᠴᠢ ︽ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠣᠳᠠᠲᠠᠶᠢᠵᠢᠭᠤᠯᠤᠨ ᠪᠣᠯᠪᠠᠰᠤᠷᠠᠭᠤᠯᠬᠤ ᠲᠤᠬᠠᠶᠢᠯᠠᠭᠰᠠᠨ ᠠᠵᠢᠯ ᠢ ᠳᠡᠮᠵᠢᠬᠦ ᠲᠤᠬᠠᠢ ᠰᠠᠨᠠᠯ︾ ᠵᠡᠷᠭᠡ ᠶᠢ ᠬᠢᠨᠠᠨ ᠵᠦᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃       ᠬᠤᠷᠠᠯ ᠠᠴᠠ ᠴᠢᠬᠤᠯᠠᠴᠢᠯᠠᠭᠰᠠᠨ ᠨᠢ᠂ ᠣᠷᠣᠨ ᠤ ᠲᠥᠪ ᠬᠤᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠭᠦᠯᠵᠦ᠂ ᠳᠡᠭᠡᠭᠰᠢ ᠵᠣᠯᠭᠠᠭᠤᠯᠬᠤ ᠶᠢ ᠰᠠᠶᠢᠲᠤᠷ ᠬᠢᠵᠦ᠂ ᠣᠷᠣᠨ ᠪᠦᠰᠡ ᠠᠯᠤᠰᠯᠠᠭᠰᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠭᠦᠨᠵᠡᠭᠡᠢ ᠠᠭᠤᠰᠤᠯᠴᠠᠭᠤᠯᠬᠤ ᠰᠢᠨ᠎ᠡ ᠵᠠᠭᠪᠤᠷ ᠢ ᠢᠳᠡᠪᠬᠢᠲᠡᠢ ᠪᠠᠶᠢᠭᠤᠯᠵᠤ᠂ ᠰᠤᠷᠭᠠᠨ ᠬᠥᠮᠦᠵᠢᠯ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠴᠢᠳᠠᠪᠤᠷᠢᠲᠠᠨ ᠢ ᠬᠥᠮᠥᠵᠢᠭᠦᠯᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠬᠤ ᠪᠠ ᠬᠡᠷᠡᠭᠯᠡᠬᠦ ᠶᠢ ᠬᠠᠮᠲᠤ ᠪᠠᠷ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠡᠢ᠃       ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ ᠲᠥᠰᠥᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠥᠩᠭᠡᠵᠢᠭᠰᠡᠨ ᠡᠮᠡᠭᠲᠡᠶᠢᠴᠦᠳ ᠤᠨ ︽ᠨᠢᠭᠡ ᠴᠣᠮᠣ ᠰᠦ︾ ᠶᠢᠨ ᠦᠷᠡᠵᠢᠯ ᠤᠨ ᠬᠠᠯᠠᠮᠵᠢᠯᠠᠯ ᠤᠨ ᠠᠵᠢᠯᠯᠠᠭ᠎ᠠ  ᠶᠢ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠬᠢᠨᠠᠨ ᠬᠠᠷᠭᠤᠭᠤᠯᠬᠤ ᠶᠠᠪᠤᠴᠠ ᠶᠢ ᠵᠢᠷᠤᠮᠵᠢᠭᠤᠯᠤᠨ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠣᠷᠣᠭᠤᠯᠤᠯᠲᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠣᠯᠬᠤ ᠶᠢ ᠴᠢᠩᠭ᠎ᠠ ᠠᠳᠬᠤᠵᠤ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠦᠷᠢᠯᠡᠵᠦ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠢ ᠥᠨᠳᠥᠷ ᠲᠦᠪᠰᠢᠨ ᠲᠠᠢ ᠨᠡᠭᠡᠭᠡᠯᠲᠡ ᠬᠢᠬᠦ᠂ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠣᠯᠭᠠᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠪᠡ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ