ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠲᠤᠯᠤᠭᠠᠨ ᠵᠦᠢᠯ ᠤᠨ ᠠᠵᠢᠯ ᠢ ᠥᠷᠨᠢᠭᠦᠯᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2025/2/24
      ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠬᠤᠲᠠ ᠶᠢᠨ ᠱᠠᠲᠤ ᠪᠠ ᠡᠯ᠎ᠡ ᠬᠤᠰᠢᠭᠤ ᠰᠢᠶᠠᠨ ᠲᠣᠭᠤᠷᠢᠭ ᠤᠨ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂  ᠰᠢᠷᠭᠠᠭᠤ ᠬᠠᠲᠠᠭᠤᠵᠢᠯᠲᠠᠢ ᠠᠵᠢᠯᠯᠠᠨ᠂ ᠣᠷᠣᠨ ᠤ ᠲᠥᠪ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠪᠠ ᠬᠤᠶᠠᠷ ᠢ ᠬᠦᠷᠢᠶᠡᠯᠡᠬᠦ ᠠᠵᠢᠯ ᠤᠨ ᠬᠥᠭᠵᠢᠯᠲᠡ ᠶᠢᠨ ᠰᠠᠭᠤᠷᠢ ᠶᠢ ᠨᠠᠩ ᠪᠠᠬᠢᠵᠢᠭᠦᠯᠵᠦ᠂ ᠡᠯ᠎ᠡ ᠵᠦᠢᠯ ᠤᠨ ᠠᠵᠢᠯ ᠴᠥᠮ ᠢᠯᠡᠳᠲᠡ ᠦᠷ᠎ᠡ ᠪᠦᠲᠦᠮᠵᠢ ᠣᠯᠪᠠ᠃      2025 ᠣᠨ ᠳᠤ᠂ ᠪᠦᠭᠦ ᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠪᠦᠭᠦ ᠣᠷᠣᠨ ᠤ ᠡᠮᠦᠨ᠎ᠡ ᠨᠢ ᠬᠤᠰᠢᠭᠤᠷᠠᠵᠤ ᠥᠯᠢᠭᠡᠷ ᠳᠠᠭᠤᠷᠢᠶᠠᠯ ᠪᠣᠯᠵᠤ᠂ ᠪᠦᠭᠦ ᠤᠯᠤᠰ ᠲᠤ ᠲᠡᠷᠢᠭᠦᠨ ᠤ ᠬᠢ ᠪᠤᠯᠬᠤ ᠪᠠᠷ ᠴᠢᠷᠮᠠᠶᠢᠵᠤ ᠨᠠᠷᠠᠲᠤ ᠲᠦᠷᠦᠯ ᠲᠡᠮᠳᠡᠭ ᠢ ᠡᠭᠦᠳᠬᠦ︾ ᠬᠠᠷᠠᠯᠲᠠ ᠶᠢ ᠲᠣᠭᠲᠠᠭᠠᠵᠤ᠂ ︽ᠴᠡᠷᠢᠭ ᠤᠨ ᠠᠯᠪᠠ ᠠᠴᠠ ᠬᠠᠯᠠᠭᠳᠠᠭᠰᠠᠳ ᠲᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ︾ ᠪᠠᠷ ᠭᠤᠣᠯ ᠪᠤᠯᠭᠠᠵᠤ᠂ ᠲᠤᠯᠤᠭᠠᠨ ᠵᠦᠢᠯ ᠤᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃︽ᠲᠤᠯᠤᠭᠠᠨ ᠵᠦᠢᠯ ᠤᠨ ᠠᠵᠢᠯ︾ ᠨᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠭᠢᠭᠤᠯᠤᠨ᠎ᠠ᠃ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ᠃ ᠦᠢᠯᠡᠳᠦᠯ ᠢᠶᠠᠨ ᠪᠠᠳᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠣᠯᠭᠤᠬᠤ ᠦᠢᠯᠡᠰ ᠪᠣᠰᠬᠠᠬᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠨᠠᠷᠢᠯᠢᠭ ᠣᠨᠣᠴᠠᠲᠠᠢ ᠪᠠᠶᠢᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠭᠢᠨ᠎ᠠ᠃ ᠳᠠᠶᠢᠨ ᠳᠤ ᠪᠡᠯᠡᠳᠬᠡᠵᠦ ᠳᠠᠶᠢᠨ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠢ ᠬᠦᠷᠢᠶᠡᠯᠡᠬᠦ ᠠᠵᠢᠯ ᠢ ᠰᠠᠶᠢᠲᠤᠷ ᠭᠢᠨ᠎ᠠ᠃ ᠡᠷᠬᠡ ᠠᠰᠢᠭ ᠢ ᠬᠠᠮᠠᠭᠠᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠭᠢᠨ᠎ᠠ᠃ ᠴᠢᠳᠠᠪᠤᠷᠢ ᠪᠠᠨ ᠳᠡᠭᠡᠭᠰᠢᠯᠡᠭᠦᠯᠭᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠰᠲ᠋ᠧᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃      ᠬᠤᠷᠠᠯ ᠠᠴᠠ᠂ ᠪᠦᠭᠦ ᠬᠤᠳᠠ ᠶᠢᠨ ᠡᠯ᠎ᠡ ᠱᠠᠲᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠠᠵᠢᠯ ᠬᠢᠬᠦ ᠶᠢ ᠲᠡᠷᠢᠭᠦᠨ ᠳᠤ ᠲᠠᠯᠪᠢᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠣᠷᠣᠨ ᠤ ᠲᠥᠪ ᠤᠨ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠵᠦ᠂ ︽ᠵᠢᠷᠭᠤᠭᠠᠨ ᠠᠵᠢᠯᠯᠠᠭ᠎ᠠ︾  ᠶᠢ ᠥᠷᠨᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠤᠷᠢᠶᠠᠯᠠᠪᠠ᠃ 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ