ᠭᠦᠭᠡᠬᠤᠲᠠ ᠰᠢᠯᠢᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠢ ᠬᠥᠬᠢᠭᠦᠯᠦᠨ ᠰᠠᠶᠢᠰᠢᠶᠠᠪᠠ
ᠨᠡᠶᠢᠲᠡᠯᠡᠭᠰᠡᠨ ᠴᠠᠭ᠄
2025/2/24
      ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠮᠵᠢ ᠶᠢ  ᠦᠷᠭᠦᠯᠵᠢᠯᠡᠨ ᠴᠢᠩᠭᠠᠳᠬᠠᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠶᠢᠨ ᠲᠥᠯᠥᠭᠡ  2024 ᠣᠨ ᠳᠤ  ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠢᠩᠬᠢᠮ ᠵᠡᠷᠭᠡ ᠰᠠᠯᠠᠭ᠎ᠠ ᠮᠥᠴᠢᠷ ᠪᠦᠭᠦ ᠤᠯᠤᠰ ᠤᠨ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠢᠱᠢᠶᠡᠴᠢ︾᠂ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠢ  ᠮᠡᠳᠡᠭᠦᠯᠦᠨ ᠲᠠᠨᠢᠯᠴᠠᠭᠤᠯᠵᠤ ᠰᠢᠯᠢᠨ ᠰᠣᠩᠭᠤᠬᠤ ᠠᠵᠢᠯᠯᠠᠭ᠎ᠠ ᠥᠷᠨᠢᠭᠦᠯᠵᠦ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ  ᠵᠠᠩ ᠽᠠᠢ ᠾᠧ ᠪᠦᠭᠦ ᠤᠯᠤᠰ ᠤᠨ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠢᠱᠢᠶᠡᠴᠢ︾ ᠪᠠᠷ ᠬᠥᠬᠢᠭᠦᠯᠦᠭᠳᠡᠨ᠂ ᠯᠢ  ᠭᠦᠸᠧ  ᠫᠢᠩ᠂ ᠰᠢᠩ ᡁᠢ ᠶᠤᠸᠠᠨ᠂ ᠮᠧᠩ ᠳ᠋ᠦᠩ ᠴᠢᠶᠠᠩ ᠪᠦᠭᠦ ᠣᠷᠣᠨ ᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠤᠨ ᠢᠷᠠᠭᠤ  ᠠᠯᠳᠠᠷ ᠢ  ᠭᠦᠷᠳᠡᠪᠡ᠃      ᠲᠦᠷᠦᠭᠦᠬᠡᠨ᠂ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ 2024 ᠣᠨ ᠤ ᠪᠦᠭᠦ ᠤᠯᠤᠰ ᠤᠨ ︽ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠵᠢᠱᠢᠶᠡᠴᠢ︾᠂ ᠥᠪᠡᠷᠲᠡᠭᠡᠨ ᠵᠠᠰᠠᠬᠤ ᠣᠷᠣᠨ ᠤ ︽ᠬᠠᠮᠤᠭ ᠤᠨ ᠭᠤᠶᠣ ᠴᠡᠷᠢᠭ ᠤᠨ ᠠᠯᠪᠠ ᠠᠴᠠ ᠬᠠᠯᠠᠭᠳᠠᠭᠰᠠᠳ︾ ᠲᠤ ᠱᠠᠩᠨᠠᠯ ᠣᠯᠭᠤᠬᠤ ᠶᠣᠰᠣᠯᠠᠯ ᠶᠠᠪᠤᠭᠤᠯᠪᠠ᠃ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠦᠭᠦ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠢᠷᠠᠭᠤ ᠠᠯᠳᠠᠷ ᠢ ᠭᠥᠷᠳᠡᠭᠰᠡᠨ 4 ᠨᠥᠬᠦᠷ ᠤᠨ ᠲᠡᠷᠢᠭᠦᠨ ᠤ ᠦᠶᠯᠡ ᠠᠵᠢᠯᠯᠠᠭ᠎ᠠ ᠶᠢᠨ ᠤᠬᠠᠭᠤᠯᠭ᠎ᠠ ᠶᠢᠨ ᠹᠢᠯᠢᠮ ᠢ ᠬᠠᠮᠲᠤ ᠪᠠᠷ ᠰᠣᠨᠢᠷᠬᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠡᠳᠡᠨᠡᠷ ᠲᠤ ᠱᠠᠩᠨᠠᠯ ᠤᠨ ᠲᠡᠮᠳᠡᠭ ᠪᠠ ᠦᠨᠡᠮᠯᠡᠯ ᠤᠨ ᠪᠢᠴᠢᠭ ᠭᠠᠷᠳᠠᠭᠤᠯᠪᠠ᠃ ᠰᠢᠯᠢᠳᠡᠭ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠥᠯᠥᠭᠡᠯᠡᠭᠴᠢ ᠮᠧᠩ ᠳ᠋ᠦᠩ ᠴᠢᠶᠠᠩ ᠱᠠᠩᠨᠠᠯ ᠭᠥᠷᠳᠡᠭᠰᠡᠨ ᠲᠥᠷᠥᠭᠳᠡᠯ ᠢᠶᠠᠨ ᠬᠤᠪᠢᠶᠠᠯᠴᠠᠵᠠᠢ᠃      ᠲᠠᠷᠠᠭᠠᠴᠢ ᠪᠠᠷ ᠭᠦᠭᠡᠬᠤᠲᠠ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠲᠡᠷᠢᠭᠦᠨ ᠤ ᠦᠶᠯᠡ ᠠᠵᠢᠯᠯᠠᠭ᠎ᠠ ᠶᠢ ᠤᠬᠠᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠷᠠᠳ ᠤᠨ ᠴᠡᠷᠢᠭ ᠠᠩᠭᠢ ᠶᠢᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠤᠬᠠᠮᠰᠠᠷ ᠠᠴᠠ ᠪᠠᠨ ᠪᠠᠳᠠᠷᠠᠭᠤᠯᠬᠤ᠂ ᠵᠢᠱᠢᠶᠡᠴᠢ ᠠᠴᠠ ᠰᠤᠷᠤᠯᠴᠠᠬᠤ᠂ ᠵᠢᠱᠢᠶᠡᠴᠢ ᠪᠤᠯᠬᠤ ᠪᠠᠷ ᠴᠢᠷᠮᠠᠶᠢᠬᠤ ᠶᠢ  ᠵᠣᠷᠢᠭᠵᠢᠭᠤᠯᠤᠨ ᠵᠢᠯᠤᠭᠤᠳᠴᠤ᠂ ᠣᠷᠣᠨ ᠤ ᠲᠥᠪ ᠤᠨ ᠠᠵᠤ ᠠᠬᠤᠢ ᠶᠢᠨ  ᠪᠦᠲᠦᠭᠡᠨ  ᠪᠠᠶᠢᠭᠤᠯᠤᠯᠲᠠ ᠳᠤ  ᠰᠢᠨ᠎ᠡ ᠴᠠᠭ ᠦᠶ᠎ᠡ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠦᠴᠦᠨ ᠴᠢᠳᠠᠯ ᠢ ᠨᠡᠮᠡᠷᠢᠯᠡᠬᠦ ᠪᠣᠯᠣᠨ᠎ᠠ᠃  
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ