︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ | ᠳ᠋ᠦᠩ ᠤᠯᠤᠰ ᠤᠨ ᠡᠵᠡᠮᠳᠡᠯᠳᠦ ᠣᠶᠤᠨᠴᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ︵ᠠᠨᠾᠦ᠋ᠢ︶ ᠤᠨ ᠬᠢᠵᠠᠭᠠᠷᠲᠤ ᠺᠣᠮᠫᠠᠨᠢ ᠶᠢᠨ ᠬᠡᠷᠡᠭ | ᠮᠡᠳᠡᠭᠴᠢᠳ ᠤᠨ ᠳᠠᠷᠤᠭ᠎ᠠ ᠸᠠᠩ ᠵᠢᠶᠧ ᠱᠧᠩ ᠨᠡᠷ ᠲᠠᠢ ᠠᠭᠤᠯᠵᠠᠪᠠ᠃ | ᠾᠧ ᠬᠠᠢ ᠳ᠋ᠦᠩ᠂ ᠸᠠᠩ ᠵᠢᠶᠧ ᠱᠧᠩ ᠨᠡᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ | ᠬᠥᠬᠡᠬᠤᠲᠠ ᠶᠢᠨ ᠪᠦᠬᠦᠯᠢ ᠴᠣᠭᠴᠠ ᠶᠢᠨ ᠪᠠᠶᠢᠳᠠᠯ᠂ ᠠᠮᠢᠳᠤ ᠪᠣᠳᠠᠰ ᠤᠨ ᠡᠮ ᠡᠮᠨᠡᠯᠭᠡ ᠪᠠ ᠠᠮᠢ ᠨᠠᠰᠤ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ | ᠪᠠᠶᠢᠷᠢᠰᠢᠭᠤᠯᠤᠯᠲᠠ ᠵᠢᠴᠢ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠷᠢᠨ ᠲᠠᠨᠢᠯᠴᠠᠭᠤᠯᠪᠠ᠃ ᠡᡁᠧ ᠬᠠᠢ ᠳ᠋ᠦᠩ ᠬᠡᠯᠡᠬᠦ ᠳᠡᠭᠡᠨ᠂ ᠤᠯᠤᠰ ᠤᠨ ᠡᠵᠡᠮᠳᠡᠯᠳᠦ ᠣᠶᠤᠨᠴᠢ | ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ︵ᠠᠨᠾᠦ᠋ᠢ ︶ ᠤᠨ ᠬᠢᠵᠠᠭᠠᠷᠲᠤ ᠺᠣᠮᠫᠠᠨᠢ ᠨᠢ ᠤᠯᠤᠰ ᠤᠨ ᠡᠮ ᠤᠨ ᠪᠦᠯᠦᠭᠯᠡᠯ ᠤᠨ ᠳᠣᠣᠷᠠᠬᠢ ᠰᠤᠪᠢᠯᠭᠠ | ᠡᠷᠡᠭᠦᠯᠵᠢᠯ ᠤᠨ ᠬᠠᠪᠲᠠᠭᠠᠢ ᠶᠢᠨ ᠲᠤᠬᠠᠶᠢᠯᠠᠭᠰᠠᠨ ᠠᠵᠢᠯ ᠤᠨ ᠪᠦᠬᠦ ᠤᠯᠤᠰ ᠤᠨ ᠴᠢᠨᠠᠷᠲᠠᠢ ᠲᠠᠪᠴᠠᠩ ᠤᠨ ᠺᠣᠮᠫᠠᠨᠢ ᠪᠣᠯᠤᠭᠰᠠᠨ ᠤ ᠬᠤᠪᠢ ᠳᠤ᠂ ᠮᠡᠷᠭᠡᠵᠢᠯ ᠤᠨ ᠲᠦᠪᠰᠢᠨ | ᠲᠡᠷᠢᠭᠦᠯᠡᠵᠦ᠂ ᠥᠪᠡᠷᠮᠢᠴᠡ ᠳᠠᠪᠠᠭᠤᠯᠢᠭ ᠮᠡᠳᠡᠭᠳᠡᠮ᠎ᠡ ᠪᠠᠶᠢᠨ᠎ᠠ᠃ ᠠᠵᠤ ᠠᠬᠤᠶᠢᠯᠠᠯ ᠤᠨ ᠬᠢᠨ ᠡᠮᠴᠢᠯᠡᠭᠡᠨ ᠤ ᠦᠢᠯᠡᠴᠢᠯᠡᠭᠡ ᠶᠢ ᠳᠡᠭᠡᠭᠰᠢᠯᠡᠭᠦᠯᠬᠦ᠂ ᠡᠮᠴᠢᠯᠡᠭᠡᠨ ᠤ ᠪᠦᠯᠦᠭᠯᠡᠯ ᠵᠢᠴᠢ | ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠥᠲᠥᠭᠡᠨ ᠪᠠᠶᠢᠭᠤᠯᠤᠯᠲᠠ᠂ ᠡᠮᠴᠢᠯᠡᠭᠡ ᠰᠤᠪᠢᠯᠭᠠ ᠪᠠ ᠲᠣᠮᠣ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠵᠡᠷᠭᠡ | ᠬᠦᠷᠢᠶᠡᠨ ᠤ ᠲᠣᠭᠤᠷᠢᠨ ᠳᠤ ᠮᠠᠨ ᠤ ᠬᠤᠲᠠ ᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠤᠨ | ᠬᠥᠬᠡᠬᠤᠲᠠ ᠳᠤ ᠴᠤᠭᠯᠠᠷᠠᠬᠤ ᠶᠢ ᠳᠠᠶᠢᠴᠢᠯᠠᠨ᠂ ᠥᠷᠢᠰᠦᠯᠳᠦᠬᠦ ᠬᠦᠴᠦᠨ ᠪᠦᠬᠦᠢ ᠠᠮᠢ ᠨᠠᠰᠤ ᠡᠷᠡᠭᠦᠯ ᠮᠡᠨᠳᠦ ᠶᠢᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠬᠤ ᠳᠤ ᠬᠦᠴᠦᠨ | ᠨᠡᠮᠡᠷᠢᠯᠡᠬᠦ ᠶᠢ ᠬᠦᠰᠡᠵᠦ ᠪᠠᠶᠢᠨ᠎ᠠ᠃ ᠬᠥᠬᠡᠬᠤᠲᠠ ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠦᠢᠯᠡᠴᠢᠯᠡᠭᠡ ᠶᠢ | ᠦᠨᠡᠨᠴᠢ ᠪᠠᠷ ᠰᠠᠶᠢᠲᠤᠷ ᠬᠢᠵᠦ᠂ ᠡᠮᠴᠢᠯᠡᠭᠡᠨ ᠤ ᠦᠢᠯᠡᠰ ᠪᠣᠯᠤᠨ ᠡᠷᠡᠭᠦᠯ ᠮᠡᠨᠳᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃ | ᠸᠠᠩ ᠵᠢᠶᠧ ᠱᠧᠩ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠲᠤᠬᠠᠶᠢᠯᠠᠭᠰᠠᠨ ᠠᠵᠢᠯ ᠤᠨ ᠬᠠᠪᠲᠠᠭᠠᠢ ᠵᠢᠴᠢ | ᠬᠥᠭᠵᠢᠯᠲᠡ ᠶᠢᠨ ᠠᠯᠤᠰ ᠤᠨ ᠲᠥᠯᠥᠪ ᠢ ᠲᠠᠨᠢᠯᠴᠠᠭᠤᠯᠵᠤ᠂ ᠬᠥᠬᠡᠬᠤᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠢᠳᠡᠪᠬᠢᠲᠡᠶ ᠵᠣᠯᠭᠠᠭᠤᠯᠵᠤ᠂ ᠠᠵᠤ | ᠠᠬᠤᠶᠢᠯᠠᠯ ᠤᠨ ᠣᠶᠤᠨᠴᠢ ᠰᠤᠪᠢᠯᠭᠠ ᠡᠷᠡᠭᠦᠯᠵᠢᠯ᠂ ᠨᠠᠰᠤᠵᠢᠯᠲᠠ ᠳᠤ ᠳᠣᠭᠢᠷᠠᠬᠤ ᠥᠭᠡᠷᠡᠴᠢᠯᠡᠯᠲᠡ᠂ ᠡᠮᠴᠢᠯᠡᠭᠡ ᠰᠤᠪᠢᠯᠭᠠ ᠶᠢ ᠠᠭᠤᠰᠤᠯᠴᠠᠭᠤᠯᠬᠤ ᠵᠡᠷᠭᠡ ᠲᠠᠯ᠎ᠠ ᠶᠢᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠳᠠᠬᠢ ᠲᠤᠬᠠᠶᠢᠯᠠᠭᠰᠠᠨ ᠠᠵᠢᠯ ᠤᠨ ᠬᠦᠷᠢᠶ᠎ᠡ ᠪᠠᠨ ᠥᠷᠭᠡᠳᠬᠡᠨ᠂ ᠨᠠᠩ ᠣᠯᠠᠨ ᠬᠠᠮᠲᠤᠷᠠᠯᠴᠠᠭᠠᠨ ᠤ ᠲᠥᠷᠥᠯ ᠵᠦᠢᠯ ᠢ | ᠲᠥᠯᠥᠪᠵᠢᠭᠦᠯᠦᠨ ᠬᠡᠷᠡᠭᠵᠢᠭᠦᠯᠵᠦ᠂ ᠬᠥᠬᠡᠬᠤᠲᠠ ᠶᠢᠨ ᠡᠮᠴᠢᠯᠡᠭᠡ ᠡᠷᠡᠭᠦᠯ ᠮᠡᠨᠳᠦ ᠶᠢᠨ ᠦᠢᠯᠡᠰ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ ᠨᠠᠩ ᠶᠡᠭᠡ ᠬᠤᠪᠢ ᠨᠡᠮᠡᠷᠢ | ᠦᠵᠡᠭᠦᠯᠦᠨ᠎ᠡ ᠭᠡᠵᠦ ᠢᠯᠡᠳᠬᠡᠪᠡ᠃ | ᠬᠤᠳᠠ ᠶᠢᠨ ᠤᠳᠤᠷᠢᠳᠤᠯᠭ᠎ᠠ ᠵᠢᠶᠤᠤ ᠬᠤᠩ ᠠᠭᠤᠯᠵᠠᠯᠲᠠ ᠳᠤ ᠣᠷᠣᠯᠴᠠᠪᠠ᠃ |