ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 21 ᠤ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ | ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠬᠢᠯᠡᠨ ᠬᠤᠷᠠᠯᠳᠤᠭᠤᠯᠵᠤ᠂ | ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠰᠢᠨ᠎ᠡ ᠡᠨᠧᠷᠭᠢ ᠶᠢᠨ ᠮᠠᠰᠢᠨ ᠲᠡᠷᠭᠡᠨ ᠤ | ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠬᠦ ᠠᠵᠢᠯᠯᠠᠭᠠᠨ ᠤ ᠲᠥᠰᠦᠯ︾ ᠢ ᠬᠢᠨᠠᠨ ᠵᠥᠪᠯᠡᠵᠦ | ᠪᠠᠲᠤᠯᠠᠭᠰᠠᠨ ᠮᠥᠷᠲᠡᠭᠡᠨ᠂ 2024 ᠣᠨ ᠳᠠᠬᠢ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ | ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠦᠢᠯᠡᠴᠢᠯᠡᠭᠡᠨ ᠤ ᠠᠷᠠᠯᠵᠢᠶ᠎ᠠ ᠪᠠ ᠦᠢᠯᠡᠴᠢᠯᠡᠭᠡᠨ ᠤ ᠬᠡᠷᠡᠭᠯᠡᠭᠡ ᠶᠢ ᠬᠥᠭᠵᠢᠭᠦᠯᠬᠦ ᠪᠣᠯ ᠭᠠᠳᠠᠭᠠᠳᠤ | ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢᠨ ᠴᠢᠬᠤᠯᠠ ᠭᠠᠷᠳᠠᠴᠠ ᠮᠥᠨ᠃ ᠰᠢᠨ᠎ᠡ ᠶᠢ ᠡᠭᠦᠳᠦᠨ ᠬᠦᠴᠦᠯᠡᠵᠦ ᠪᠠᠶᠢᠭᠠᠳ | ᠦᠢᠯᠡᠴᠢᠯᠡᠭᠡᠨ ᠤ ᠠᠷᠠᠯᠵᠢᠶ᠎ᠠ ᠪᠠᠨ ᠳᠡᠭᠡᠭᠰᠢᠯᠡᠭᠦᠯᠵᠦ᠂ ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶᠠᠨ ᠤ ᠲᠠᠯ᠎ᠠ ᠪᠠᠷ ᠬᠢ ᠬᠤᠷᠢᠭᠠᠲᠠᠢ ᠵᠦᠢᠯ ᠤᠨ ᠨᠠᠷᠢᠨ | ᠲᠠᠩᠰᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠲᠦᠷᠢᠮ ᠯᠦᠭᠡ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠴᠠᠬᠢᠯᠭᠠᠨ ᠬᠤᠯᠪᠣᠭ᠎ᠠ᠂ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ᠂ ᠮᠥᠩᠭᠦᠨ ᠭᠦᠢᠯᠭᠡᠭᠡ ᠵᠡᠷᠭᠡ ᠬᠦᠷᠢᠶᠡᠨ ᠳᠤ | ᠨᠢᠭᠡ ᠪᠦᠯᠦᠭ ᠰᠢᠨ᠎ᠡ ᠪᠠᠷ ᠨᠡᠭᠡᠭᠡᠯᠲᠡ ᠬᠢᠬᠦ ᠠᠷᠭ᠎ᠠ ᠬᠡᠮᠵᠢᠶ᠎ᠡ ᠶᠢ ᠰᠤᠳᠤᠯᠤᠨ ᠭᠠᠷᠭᠠᠨ᠎ᠠ᠃ ᠦᠢᠯᠡᠴᠢᠯᠡᠭᠡᠨ ᠤ ᠭᠠᠳᠠᠭᠠᠳᠤ ᠭᠠᠷᠭᠠᠯᠲᠠ ᠶᠢ ᠢᠳᠡᠪᠬᠢᠲᠡᠶ ᠠᠬᠢᠭᠤᠯᠵᠤ | ᠂ ᠮᠠᠨ ᠤ ᠤᠯᠤᠰ ᠤᠨ ᠦᠢᠯᠡᠴᠢᠯᠡᠭᠡᠨ ᠤ ᠠᠵᠤ ᠠᠬᠤᠶᠢᠯᠠᠯ ᠤᠳ ᠤᠨ ᠤᠯᠠᠨ ᠤᠯᠤᠰ ᠤᠨ ᠵᠠᠬ᠎ᠠ ᠳᠡᠯᠭᠡᠭᠦᠷ ᠢ ᠨᠡᠭᠡᠭᠡᠬᠦ ᠪᠠ ᠳᠡᠯᠡᠬᠡᠶᠢᠴᠢᠯᠡᠬᠦ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠠᠷᠠᠯᠵᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠨᠡᠭᠡᠭᠡᠯᠳᠡ ᠶᠢᠨ ᠲᠠᠪᠴᠠᠩ ᠨᠤᠭᠤᠳ ᠢ ᠪᠠᠶᠢᠭᠤᠯᠵᠤ᠂ | ᠦᠢᠯᠡᠴᠢᠯᠡᠭᠡᠨ ᠤ ᠠᠷᠠᠯᠵᠢᠶ᠎ᠠ᠂ ᠳ᠋ᠢᠭᠢᠲ ᠠᠷᠠᠯᠵᠢᠶᠠᠨ ᠤ ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠥᠷᠭᠡᠳᠬᠡᠨ᠎ᠡ᠃ | ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠬᠡᠷᠡᠭᠯᠡᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ | ᠠᠷᠠᠳ ᠲᠤ ᠠᠰᠢᠭ ᠬᠦᠷᠲᠡᠭᠡᠬᠦ ᠠᠵᠢᠯᠯᠠᠭᠠᠨ ᠢ ᠬᠡᠷᠡᠭᠵᠢᠭᠦᠯᠵᠦ᠂ ᠦᠢᠯᠡᠴᠢᠯᠡᠭᠡᠨ ᠤ ᠬᠡᠷᠡᠭᠯᠡᠭᠡ ᠶᠢᠨ ᠣᠷᠴᠢᠨ ᠪᠠᠶᠢᠳᠠᠯ ᠤᠨ ᠰᠢᠨ᠎ᠡ ᠶᠢ ᠡᠭᠦᠳᠬᠦ᠂ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠠᠭᠤᠰᠤᠯᠴᠠᠬᠤ᠂ ᠠᠵᠤ ᠦᠢᠯᠡᠰ ᠤᠨ ᠲᠥᠪᠯᠡᠷᠡᠬᠦ ᠶᠢ ᠳᠡᠮᠵᠢᠵᠦ᠂ ᠰᠣᠶᠣᠯ ᠵᠢᠭᠤᠯᠴᠢᠯᠠᠯ᠂ ᠬᠤᠭᠤᠯᠠ ᠤᠮᠳᠠ ᠬᠤᠨᠣᠭᠯᠠᠵᠤ ᠪᠠᠭᠤᠳᠠᠯᠯᠠᠬᠤ᠂ | ᠨᠠᠰᠤᠵᠢᠯ ᠤᠨ ᠠᠰᠠᠷᠠᠮᠵᠢ ᠨᠠᠶᠢᠳᠠᠨ ᠰᠠᠭᠠᠲᠠᠭᠤᠯᠬᠤ᠂ ᠳ᠋ᠢᠭᠢᠲ ᠬᠡᠷᠡᠭᠯᠡᠭᠡ ᠵᠡᠷᠭᠡ ᠬᠦᠷᠢᠶᠡᠨ ᠤ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ︽ᠭᠠᠳᠠᠭᠠᠳᠤ ᠳᠤ | ᠨᠡᠭᠡᠭᠡᠯᠲᠡ ᠬᠢᠬᠦ︾᠂ ︽ᠳᠣᠲᠣᠭᠠᠳᠤ ᠳᠤ ᠪᠠᠨ ᠴᠢᠯᠦᠭᠡᠲᠡᠢ ᠪᠠᠶᠢᠯᠭᠠᠬᠤ︾ ᠠᠷᠭ᠎ᠠ ᠪᠠᠷ ᠡᠳ᠋ ᠤᠨ ᠵᠠᠰᠠᠭ᠂ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ ᠵᠡᠷᠭᠡ ᠶᠢᠨ | ᠲᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠯᠡᠵᠦ᠂ ᠵᠠᠬ᠎ᠠ ᠳᠡᠯᠭᠡᠭᠦᠷ ᠤᠨ ᠬᠦᠴᠦᠨ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠦᠢᠯᠡᠴᠢᠯᠡᠭᠡᠨ ᠤ | ᠬᠠᠩᠭᠠᠯᠭ᠎ᠠ ᠶᠢ ᠤᠯᠠᠮ ᠨᠢᠭᠡ ᠠᠯᠬᠤᠮ ᠨᠡᠮᠡᠭᠳᠡᠭᠦᠯᠵᠦ ᠪᠠᠶᠢᠭᠠᠳ ᠤᠯᠠᠨ ᠲᠦᠮᠡᠨ ᠤ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ ᠬᠡᠷᠡᠭᠯᠡᠭᠡ ᠶᠢᠨ ᠬᠡᠷᠡᠭᠴᠡᠭᠡ | ᠱᠠᠭᠠᠷᠳᠠᠯᠭ᠎ᠠ ᠶᠢ ᠨᠡᠩ ᠰᠠᠶᠢᠨ ᠬᠠᠩᠭᠠᠨ᠎ᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠮᠠᠨ ᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠥᠳᠡᠯᠭᠡᠭᠴᠢ ᠬᠦᠴᠦᠨ ᠤ ᠴᠡᠨᠡᠭ | ᠣᠳᠣᠬᠠᠨ ᠳᠤ ᠬᠡᠷᠡᠭᠴᠡᠭᠡ ᠠᠴᠠ ᠭᠠᠷᠬᠤ ᠬᠡᠪᠴᠢᠶᠡᠵᠢᠭᠰᠡᠨ ᠱᠠᠲᠤᠨ ᠳᠤ ᠣᠷᠣᠵᠤ᠂ ᠬᠥᠳᠡᠯᠭᠡᠭᠴᠢ ᠬᠦᠴᠦᠨ ᠤ ᠴᠡᠨᠡᠭ ᠢ ᠡᠭᠡᠭᠦᠯᠦᠨ ᠠᠪᠴᠤ ᠠᠰᠢᠭᠯᠠᠬᠤ | ᠴᠢᠳᠠᠪᠤᠷᠢ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠠᠪᠤᠳᠠᠯ ᠮᠠᠰᠢ ᠴᠢᠬᠤᠯᠠ ᠪᠣᠯᠪᠠ᠃ ᠪᠦᠬᠦ ᠬᠡᠯᠬᠢᠶᠡᠨ ᠤ ᠬᠠᠮᠢᠶᠠᠷᠤᠯᠲᠠ ᠶᠢ ᠴᠢᠩᠭᠠᠳᠬᠠᠵᠤ᠂ | ᠲᠦᠭᠵᠢᠷᠡᠯ ᠬᠠᠰᠢᠭᠳᠠᠯ ᠢ ᠬᠦᠴᠦᠯᠡᠨ ᠨᠡᠪᠲᠡᠷᠡᠭᠦᠯᠵᠦ᠂ ᠵᠢᠷᠤᠮᠵᠢᠭᠤᠨ᠂ ᠠᠮᠤᠷ ᠲᠦᠪᠰᠢᠨ᠂ ᠥᠨᠳᠥᠷ ᠪᠦᠲᠦᠮᠵᠢᠲᠡᠢ ᠡᠭᠡᠭᠦᠯᠦᠨ ᠠᠪᠴᠤ ᠠᠰᠢᠭᠯᠠᠬᠤ | ᠲᠣᠭᠲᠠᠯᠴᠠᠭ᠎ᠠ ᠶᠢ ᠪᠠᠶᠢᠭᠤᠯᠵᠤ᠂ ᠳ᠋ᠢᠭᠢᠲᠴᠢᠯᠡᠭᠰᠡᠨ ᠮᠡᠷᠭᠡᠵᠢᠯ ᠢ ᠬᠡᠷᠡᠭᠯᠡᠨ ᠬᠥᠳᠡᠯᠭᠡᠭᠴᠢ ᠬᠦᠴᠦᠨ ᠤ ᠴᠡᠨᠡᠭ ᠤᠨ ᠪᠦᠬᠦ ᠬᠡᠷᠡᠭᠯᠡᠭᠡᠨ ᠤ ᠦᠶᠡᠯᠡᠯ ᠤᠨ | ᠬᠤᠭᠤᠴᠠᠭᠠᠨ ᠳᠠᠬᠢ ᠭᠦᠢᠯᠭᠡᠭᠡᠨ ᠢ ᠬᠢᠨᠠᠨ ᠰᠢᠨᠵᠢᠬᠦ ᠶᠢ ᠨᠢ ᠴᠢᠩᠭᠠᠳᠬᠠᠵᠤ᠂ ᠦᠢᠯᠡᠳᠪᠦᠷᠢᠯᠡᠬᠦ᠂ ᠪᠣᠷᠣᠯᠠᠭᠤᠯᠬᠤ᠂ ᠵᠠᠳᠠᠯᠬᠤ᠂ ᠠᠰᠢᠭᠯᠠᠬᠤ ᠶᠢ ᠪᠦᠬᠦ ᠶᠠᠪᠤᠴᠠ ᠳᠤ | ᠨᠢ ᠮᠥᠷᠳᠡᠨ ᠤᠬᠤᠴᠢᠯᠠᠬᠤ ᠶᠢ ᠪᠡᠶᠡᠯᠡᠭᠦᠯᠦᠨ᠎ᠡ᠃ ᠬᠠᠤᠯᠢᠵᠢᠯ ᠤᠨ ᠠᠷᠭ᠎ᠠ ᠪᠠᠷᠢᠯ ᠢ ᠬᠡᠷᠡᠭᠯᠡᠨ ᠡᠭᠡᠭᠦᠯᠦᠨ ᠠᠪᠴᠤ ᠠᠰᠢᠭᠯᠠᠬᠤ ᠶᠢ ᠵᠢᠷᠤᠮᠵᠢᠭᠤᠯᠵᠤ᠂ ᠬᠠᠮᠢᠶ᠎ᠠ | ᠪᠦᠬᠦᠢ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠲᠣᠭᠲᠠᠭᠠᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠎ᠠ᠃ ᠬᠥᠳᠡᠯᠭᠡᠭᠴᠢ ᠬᠦᠴᠦᠨ ᠤ | ᠴᠡᠨᠡᠭ ᠤᠨ ᠪᠣᠬᠢᠷᠲᠤᠯ ᠦᠭᠡᠢ ᠵᠢᠷᠤᠭᠯᠠᠬᠤ᠂ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠤᠯᠠ ᠮᠥᠷ ᠤᠨ ᠲᠣᠭᠠᠴᠠᠭᠠᠯᠠᠬᠤ ᠵᠡᠷᠭᠡ ᠬᠠᠮᠢᠶ᠎ᠠ ᠪᠦᠬᠦᠢ ᠪᠠᠷᠢᠮᠵᠢᠶ᠎ᠠ ᠶᠢ | ᠲᠦᠷᠭᠡᠬᠡᠨ ᠲᠣᠭᠲᠠᠭᠠᠵᠤ ᠵᠠᠰᠠᠪᠤᠷᠢ ᠣᠷᠣᠭᠤᠯᠤᠨ᠂ ᠪᠠᠷᠢᠮᠵᠢᠶ᠎ᠠ ᠪᠠᠷ ᠬᠦᠳᠦᠯᠦᠨ ᠳᠠᠭᠠᠭᠤᠯᠵᠤ ᠪᠠᠶᠢᠭᠠᠳ ᠡᠭᠡᠭᠦᠯᠦᠨ ᠠᠪᠴᠤ ᠠᠰᠢᠭᠯᠠᠬᠤ ᠶᠢ ᠳᠠᠶᠢᠴᠢᠯᠠᠨ᠎ᠠ᠃ | ᠬᠤᠷᠠᠯᠳᠤᠭᠠᠨ ᠢᠶᠠᠷ ᠵᠢᠭᠠᠵᠤ ᠭᠠᠷᠭᠠᠭᠰᠠᠨ ᠨᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ | ᠲᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠭᠦᠢᠴᠡᠳᠬᠡᠬᠦ ᠪᠣᠯ ᠵᠠᠰᠠᠭ ᠤᠨ ᠣᠷᠳᠣᠨ ᠤ ᠤᠬᠠᠮᠰᠠᠷ ᠠᠴᠠ ᠪᠠᠨ ᠬᠢᠨᠠᠯᠲᠠ ᠬᠦᠯᠢᠶᠡᠬᠦ᠂ ᠬᠠᠤᠯᠢ | ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠪᠣᠯᠤᠨ᠎ᠠ᠂ ᠮᠥᠨ ᠴᠦ ᠪᠦᠬᠦ ᠶᠠᠪᠤᠴᠠ ᠳᠠᠬᠢ ᠠᠷᠠᠳ ᠤᠨ ᠠᠷᠠᠳᠴᠢᠯᠠᠯ ᠢ | ᠭᠦᠨᠵᠡᠭᠡᠢ ᠦᠢᠯᠡᠳᠦᠯᠭᠡᠵᠢᠭᠦᠯᠬᠦ ᠶᠢᠨ ᠴᠢᠬᠤᠯᠠ ᠢᠯᠡᠷᠡᠯ ᠪᠣᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠤᠳ ᠤᠨ ᠨᠢᠳᠤᠨᠤᠨ ᠤ ᠳᠠᠭᠠᠭᠠᠨ | ᠠᠪᠴᠤ ᠭᠦᠢᠴᠡᠳᠬᠡᠭᠰᠡᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠥᠮ ᠴᠠᠭ ᠲᠤᠬᠠᠶ ᠳᠤ ᠨᠢ ᠭᠦᠢᠴᠡᠳᠬᠡᠨ ᠳᠠᠭᠤᠰᠬᠠᠵᠤ᠂ ᠥᠭᠡᠷᠡᠴᠢᠯᠡᠯᠲᠡ ᠬᠥᠭᠵᠢᠯᠲᠡ ᠪᠠ | ᠤᠯᠠᠨ ᠲᠦᠮᠡᠨ ᠤ ᠠᠮᠢ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠤᠣᠯᠳᠠᠯᠭ᠎ᠠ ᠪᠣᠯᠬᠤ ᠬᠦᠴᠢᠷᠳᠡᠯᠲᠡᠢ ᠠᠰᠠᠭᠤᠳᠠᠯ ᠤᠳ ᠢ ᠰᠢᠢᠳᠪᠦᠷᠢᠯᠡᠬᠦ ᠶᠢ ᠠᠬᠢᠭᠤᠯᠪᠠ | ᠃ ᠡᠨᠡ ᠵᠢᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠠᠵᠢᠯ ᠢᠶᠠᠨ ᠦᠷᠭᠦᠯᠵᠢᠯᠡᠨ ᠴᠢᠨᠠᠷ ᠰᠠᠶᠢᠲᠠᠢ ᠪᠠᠷ ᠰᠠᠶᠢᠲᠤᠷ ᠬᠢᠵᠦ᠂ ᠲᠥᠯᠥᠭᠡᠯᠡᠭᠴᠢ | ᠭᠡᠰᠢᠭᠦᠳ ᠯᠦᠭᠡ ᠣᠶᠢᠯᠠᠭᠠᠯᠴᠠᠵᠤ ᠨᠡᠪᠲᠡᠷᠡᠯᠴᠡᠬᠦ ᠪᠠᠨ ᠴᠢᠩᠭᠠᠳᠬᠠᠵᠤ᠂ ᠠᠳᠠᠯᠢ ᠰᠡᠳᠦᠪ ᠢ ᠬᠠᠮᠲᠤ ᠬᠠᠷᠢᠭᠤᠯᠬᠤ᠂ ᠠᠳᠠᠯᠢ ᠴᠢᠭᠯᠡᠯ ᠢᠶᠠᠷ ᠬᠠᠮᠲᠤ ᠬᠦᠴᠦᠯᠡᠬᠦ ᠶᠢ | ᠪᠠᠷᠢᠮᠲᠠᠯᠠᠵᠤ᠂ ᠬᠦᠴᠢᠷ ᠠᠰᠠᠭᠤᠳᠠᠯ ᠢ ᠴᠢᠨᠠᠭᠰᠢᠳᠠ ᠰᠢᠢᠳᠪᠦᠷᠢᠯᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠴᠢᠨᠠᠷ | ᠰᠠᠶᠢᠲᠠᠢ ᠭᠦᠢᠴᠡᠳᠬᠡᠬᠦ ᠪᠠᠷ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | |