ᠪᠣᠣ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 25 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠰᠢᠨ᠎ᠡ ᠲᠤᠰᠢᠶᠠᠯ ᠳᠤ ᠭᠠᠷᠤᠭᠰᠠᠨ ᠺᠠᠳ᠋ᠷᠴᠤᠳ ᠤᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠬᠠᠮᠲᠤ ᠶᠢᠨ ᠶᠠᠷᠢᠯᠴᠠᠭᠠᠨ ᠤ ᠬᠤᠷᠠᠯ ᠬᠤᠷᠠᠯᠳᠤᠭᠤᠯᠵᠤ᠂ ᠰᠢᠨ᠎ᠡ ᠲᠤᠰᠢᠶᠠᠯ ᠳᠤ ᠭᠠᠷᠤᠭᠰᠠᠨ ᠺᠠᠳ᠋ᠷᠴᠤᠳ ᠢ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠰᠠᠬᠢᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠷᠤᠨ ᠤ ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠲᠤᠯᠭᠠᠭᠤᠷᠢ ᠬᠦᠴᠦᠨ | ᠪᠣᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠣᠷᠢᠭᠵᠢᠭᠤᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ | ᠡᠷᠬᠢᠯᠡᠭᠴᠢ ᠯᠢ ᠵᠢᠶᠦ᠋ᠨ ᠠᠷᠢᠭᠤᠨ ᠴᠢᠬᠡᠴᠢ ᠪᠠᠷ ᠵᠠᠰᠠᠭ ᠪᠠᠷᠢᠬᠤ ᠲᠤᠬᠠᠶ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠶ ᡂᠢ ᠬᠤᠷᠠᠯ ᠢ ᠡᠷᠭᠢᠯᠡᠪᠡ᠃ | ᠪᠣᠣ ᠭᠠᠩ ᠬᠡᠯᠡᠬᠦ ᠳᠡᠭᠡᠨ᠂ ᠰᠢᠨ᠎ᠡ ᠲᠤᠰᠢᠶᠠᠯ ᠳᠤ ᠭᠠᠷᠤᠭᠰᠠᠨ ᠺᠠᠳ᠋ᠷᠴᠤᠳ ᠤᠯᠤᠰ ᠲᠥᠷᠥ ᠶᠢᠨ ᠲᠠᠯ᠎ᠠ ᠪᠠᠷ ᠡᠷᠡᠰ ᠪᠠᠲᠤ ︽ᠮᠡᠷᠭᠡᠨ ᠬᠦᠮᠦᠨ︾ ᠪᠣᠯᠵᠤ᠂ ︽ᠬᠤᠶᠠᠷ ᠢ | ᠲᠤᠭᠲᠠᠭᠠᠭᠰᠠᠨ︾ ᠢ ᠢᠮᠠᠭᠲᠠ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠵᠠᠮ ᠨᠡᠭᠡᠭᠡᠵᠦ ᠳᠤᠮᠳᠠ | ᠲᠦᠪᠰᠢᠨ ᠳᠤ ᠣᠷᠣᠬᠤ︾ ᠠᠵᠢᠯ ᠤᠨ ᠰᠡᠳᠬᠢᠴᠡ ᠶᠣᠰᠣᠭᠠᠷ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠪᠠᠷ ᠠᠵᠢᠯ ᠤᠨ | ᠭᠠᠷᠳᠠᠴᠠ ᠪᠣᠯᠭᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠡᠢ᠃ | ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ︽ᠪᠣᠳᠠᠲᠠᠢ ᠠᠵᠢᠯᠯᠠᠭᠴᠢ︾ ᠪᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠬᠦ ᠤᠬᠠᠮᠰᠠᠷ ᠢᠶᠠᠨ ᠴᠢᠩᠭᠠᠳᠬᠠᠵᠤ᠂ ᠥᠪᠡᠷ ᠢ ᠪᠠᠨ | ᠦᠷᠡᠭᠳᠡᠭᠦᠯᠬᠦ ᠡᠭᠦᠷᠭᠡᠯᠡᠯ ᠪᠠ ᠯᠠᠪᠳᠠᠭᠤᠨ ᠪᠠᠲᠤᠲᠠᠢ ᠠᠵᠢᠯᠯᠠᠬᠤ ᠰᠤᠷᠲᠠᠯ ᠢ ᠴᠢᠩᠭᠠᠳᠬᠠᠵᠤ᠂ ᠬᠤᠳᠠ ᠪᠣᠯᠤᠨ ᠤᠯᠠᠨ ᠲᠦᠮᠡᠨ ᠳᠤ ᠠᠰᠢᠭᠲᠠᠢ ᠶᠠᠪᠤᠳᠠᠯ ᠪᠦᠬᠦᠨ ᠳᠤ | ᠬᠦᠴᠢᠷ ᠠᠴᠠ ᠵᠠᠶᠢᠯᠠᠬᠤ ᠦᠭᠡᠢ᠂ ᠬᠠᠷᠢᠭᠤᠴᠠᠯᠭ᠎ᠠ ᠪᠠᠨ ᠡᠭᠦᠷᠭᠡᠯᠡᠨ᠂ ᠵᠣᠷᠢᠭᠲᠠᠢ ᠪᠠᠷ ᠬᠢᠵᠦ᠂ ᠡᠷᠡᠰ ᠬᠢᠬᠦ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ︽ᠡᠭᠡᠯᠢᠲᠡᠢ ᠬᠥᠮᠦᠨ︾ | ᠪᠤᠯᠵᠤ᠂ ᠤᠯᠠᠨ ᠲᠦᠮᠡᠨ ᠳᠤ ᠶᠠᠭᠤ ᠬᠡᠷᠡᠭᠴᠡᠭᠡ ᠲᠠᠢ ᠪᠠᠶᠢᠬᠤ᠂ ᠤᠯᠠᠨ ᠲᠦᠮᠡᠨ ᠶᠠᠭᠤ ᠶᠢ ᠡᠰᠡᠷᠭᠦᠴᠡᠵᠦ ᠪᠠᠶᠢᠬᠤ ᠶᠢ ᠲᠣᠳᠣᠷᠬᠠᠢ ᠣᠶᠢᠯᠠᠭᠠᠵᠤ᠂ ᠪᠠᠷᠢᠨ ᠭᠦᠢᠴᠡᠳᠭᠡᠬᠦ ᠪᠠᠴᠢᠮ | ᠡᠭᠦᠷᠭᠡ ᠶᠢ ᠴᠢᠩᠭ᠎ᠠ ᠠᠳᠬᠤᠨ ᠲᠦᠷᠭᠡᠨ ᠬᠢᠵᠦ᠂ ᠤᠷᠳᠤ ᠬᠤᠭᠤᠴᠠᠭᠠᠨ ᠤ ᠡᠭᠦᠷᠭᠡ ᠶᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠦᠨᠡᠨ ᠬᠦ ᠰᠠᠶᠢᠨ ᠶᠠᠪᠤᠳᠠᠯ ᠢ ᠰᠠᠶᠢᠲᠤᠷ | ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠠᠵᠢᠯ ᠬᠢᠵᠦ ᠦᠢᠯᠡᠰ ᠪᠤᠰᠬᠠᠬᠤ ︽ᠬᠦᠰᠡᠯ ᠬᠥᠭᠡᠭᠡᠴᠡᠯᠳᠦᠭᠴᠢ︾ ᠪᠤᠯᠵᠤ᠂ ᠠᠵᠢᠯᠯᠠᠬᠤ ᠳᠤᠮᠳᠠ ᠪᠠᠨ ᠰᠤᠷᠤᠯᠴᠠᠵᠤ᠂ | ᠰᠤᠷᠤᠯᠴᠠᠬᠤ ᠳᠤᠮᠳᠠ ᠪᠠᠨ ᠠᠵᠢᠯᠯᠠᠬᠤ ᠶᠢ ᠪᠠᠷᠢᠮᠲᠠᠯᠠᠵᠤ᠂ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠪᠠᠨ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠪᠣᠯᠪᠠᠰᠤᠷᠠᠯ ᠢᠶᠠᠨ | ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ︽ᠲᠣᠭᠠᠴᠢᠯᠠᠵᠤ ᠣᠶᠣᠨᠴᠢᠯᠠᠭᠰᠠᠨ︾ ᠴᠠᠭ ᠦᠶ᠎ᠡ ᠶᠢ ᠬᠦᠷᠢᠶᠡᠯᠡᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠬᠤ ︽ᠶᠣᠰᠣ ᠨᠣᠮ ᠲᠠᠢ ᠬᠥᠮᠦᠨ︾ ᠪᠤᠯᠵᠤ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠶᠢ ᠡᠳᠦᠷ ᠲᠤᠳᠤᠮ ᠤᠨ ᠬᠡᠷᠡᠭᠯᠡᠭᠡᠨ ᠤ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠨᠠᠶᠢᠵᠠ ᠶᠢᠨ ᠲᠣᠭᠤᠷᠢᠭ ᠢᠶᠠᠨ | ᠴᠡᠪᠡᠷᠰᠢᠭᠦᠯᠵᠦ᠂ ᠨᠡᠶᠢᠭᠡᠮ ᠤᠨ ᠬᠠᠷᠢᠯᠴᠠᠭᠠᠨ ᠤ ᠬᠦᠷᠢᠶ᠎ᠡ ᠪᠠᠨ ᠴᠡᠪᠡᠷᠰᠢᠭᠦᠯᠵᠦ᠂ ᠰᠡᠪ ᠦᠭᠡᠢ ᠴᠢᠬᠡᠴᠢ ᠠᠵᠢᠯᠯᠠᠨ᠂ ᠭᠡᠮ ᠦᠭᠡᠢ ᠭᠡᠭᠡᠨ ᠶᠠᠪᠤᠬᠤ ᠬᠡᠷᠡᠭᠲᠡᠢ ᠭᠡᠵᠡᠢ᠃ |