︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠲᠦᠮᠡᠳ ᠵᠡᠭᠦᠨ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠵᠤ᠂ | ᠨᠢᠭᠡᠳᠦᠭᠡᠷ ᠤᠯᠠᠷᠢᠯ ᠤᠨ ︽ᠰᠠᠶᠢᠨ ᠡᠬᠢᠯᠡᠯᠲᠡ︾ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠪᠠ᠃ | ᠪᠣᠣ ᠭᠠᠩ ᠲᠦᠮᠡᠳ ᠵᠡᠭᠦᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠳᠤ ᠬᠦᠷᠴᠦ᠂ ᠬᠠᠪᠤᠷ ᠤᠨ ᠲᠠᠷᠢᠶᠠᠯᠠᠭ᠎ᠠ ᠶᠢᠨ | ᠪᠡᠯᠡᠳᠬᠡᠯ ᠠᠵᠢᠯ᠂ ᠲᠦᠬᠦᠭᠡᠷᠦᠮᠵᠢᠳᠤ ᠲᠠᠷᠢᠶᠠᠯᠠᠩ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠦᠮᠡᠳ ᠵᠡᠭᠦᠨ ᠬᠤᠰᠢᠭᠤ ᠪᠣᠯ | ᠲᠠᠷᠢᠶᠠᠯᠠᠩ ᠤᠨ ᠲᠤᠮᠤ ᠬᠤᠰᠢᠭᠤ ᠪᠣᠯᠤᠨ᠎ᠠ᠂ ᠬᠡᠯᠬᠢᠶ᠎ᠡ ᠬᠡᠯᠪᠡᠷᠢᠲᠦ ᠰᠡᠳᠬᠢᠬᠦᠢ ᠪᠠᠷ ᠲᠠᠷᠢᠶᠠᠯᠠᠩ ᠢ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠳᠤ ᠦᠶ᠎ᠡ ᠶᠢᠨ ᠤᠨᠴᠠᠯᠢᠬᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ | ᠴᠢᠳᠠᠪᠤᠷᠢ ᠪᠣᠯᠤᠨ ᠬᠡᠪᠴᠢᠶᠡᠵᠢᠭᠰᠡᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠪᠡ᠃ | ᠴᠡᠯᠡᠭᠡᠷ ᠲᠠᠯ᠎ᠠ ᠰᠦ ᠶᠢᠨ ᠦᠢᠯᠡᠰ ᠤᠨ ᠨᠡᠭᠡᠭᠡᠨ ᠬᠥᠭᠵᠢᠭᠦᠯᠦᠯᠲᠡ ᠶᠢᠨ ᠣᠷᠣᠨ ᠳᠤ᠂ ᠪᠣᠣ ᠭᠠᠩ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ | ᠳᠠᠷᠠᠭ᠎ᠠ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠤ ᠠᠬᠤᠢ ᠶᠢᠨ ᠵᠦᠭᠯᠡᠭᠦᠷ ᠪᠣᠯᠤᠨ᠎ᠠ᠂ ᠡᠨᠡ ᠨᠢ ᠪᠦᠬᠦ ᠲᠠᠯ᠎ᠠ ᠳᠤ ᠬᠤᠯᠪᠣᠭᠳᠠᠵᠤ᠂ ᠬᠤᠶᠢᠰᠢᠳᠠ ᠬᠦᠭᠵᠢᠯᠲᠡ ᠶᠢᠨ | ᠪᠠᠶᠢᠳᠠᠯ ᠢ ᠲᠤᠭᠲᠠᠭᠠᠨ᠎ᠠ᠃ ᠣᠳᠣᠬᠠᠨ ᠳᠤ᠂ ᠲᠦᠮᠡᠳ ᠵᠡᠭᠦᠨ ᠬᠤᠰᠢᠭᠤᠨ ᠤ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠪᠠᠳᠠᠷᠠᠨ ᠳᠡᠭᠡᠭᠰᠢᠯᠡᠵᠦ᠂ | ᠶᠡᠭᠡ ᠬᠡᠮᠵᠢᠶᠡᠨ ᠤ ᠠᠵᠢᠯ ᠢ ᠯᠠᠪᠳᠠᠭᠤᠨ ᠪᠠᠲᠤᠲᠠᠢ ᠬᠢᠵᠡᠢ᠂ ᠴᠤᠭ ᠪᠠᠳᠠᠷᠠᠩᠭᠤᠢ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠨᠢᠭᠡᠳᠦᠭᠡᠷ ᠤᠯᠠᠷᠢᠯ ᠤᠨ ︽ᠰᠠᠶᠢᠨ | ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ | ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠤᠯᠤᠰ ᠤᠨ ᠲᠡᠰ ᠤᠨ ᠤᠳᠤ ᠦᠶ᠎ᠡ ᠶᠢᠨ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠠᠵᠤ ᠦᠢᠯᠡᠳᠪᠦᠷᠢ ᠪᠣᠯᠤᠨ ᠲᠦᠷᠦᠯ ᠵᠦᠢᠯ ᠤᠨ ᠲᠤᠯᠭᠠᠭᠤᠷᠢᠯᠠᠯ ᠢ ᠲᠤᠪᠤᠶᠢᠮ᠎ᠠ ᠰᠠᠶᠢᠲᠤᠷ ᠠᠳᠬᠤᠵᠤ᠂ | ᠢᠯᠢ᠂ ᠵᠢᠨᠱᠠᠨ ᠢᠯᠴᠢ ᠶᠢᠨ ᠴᠠᠬᠢᠯᠭᠠᠨ ᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠡᠯᠬᠢᠶ᠎ᠡ ᠬᠡᠯᠪᠡᠷᠢᠲᠦ ᠬᠤᠳᠠᠯᠳᠤᠭᠠᠴᠢᠨ ᠤᠷᠢᠬᠤ ᠶᠢ ᠴᠢᠩᠭᠠᠳᠬᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠪᠣᠬᠢᠷᠲᠤᠯ | ᠦᠭᠡᠢ ᠪᠤᠳᠤᠯᠭ᠎ᠠ ᠶᠢᠨ ᠬᠦᠴᠦᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠢᠳᠡᠪᠬᠢᠲᠡᠢ ᠠᠬᠢᠭᠤᠯᠵᠤ᠂ ᠤᠳᠤ ᠦᠶ᠎ᠡ ᠶᠢᠨ ᠪᠠᠷᠠᠭᠠᠨ ᠭᠦᠢᠯᠭᠡᠭᠡᠨ ᠤ | ᠦᠢᠯᠡᠴᠢᠯᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠳᠠᠪᠠᠭᠤᠯᠢᠭ ᠠᠵᠤ ᠦᠢᠯᠡᠰ ᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠳᠠᠯᠠᠨ ᠬᠠᠷ᠎ᠠ ᠠᠭᠤᠯᠠ᠂ ᠬᠠᠷ᠎ᠠ | ᠤᠰᠤ᠂ ᠬᠠᠯᠢᠭᠤᠲᠤ ᠤᠰᠤᠨ ᠴᠥᠭᠦᠷᠥᠮ ᠵᠡᠷᠭᠡ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠦᠵᠡᠮᠵᠢ ᠶᠢᠨ ᠣᠷᠣᠨ ᠬᠠᠯᠠᠮ ᠴᠡᠭ ᠢ ᠬᠤᠯᠪᠣᠨ ᠱᠤᠭᠤᠮ | ᠪᠣᠯᠭᠠᠵᠤ᠂ ᠱᠣᠭᠤᠮ ᠢ ᠬᠤᠯᠪᠤᠨ ᠬᠠᠪᠲᠠᠭᠠᠢ ᠪᠣᠯᠭᠠᠬᠤ ᠬᠡᠷᠡᠭᠲᠡᠶ᠃ ᠵᠢᠨᠴᠤᠸᠠᠨ ᠤ ᠣᠷᠣᠨ ᠪᠦᠰᠡ ᠶᠢᠨ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠢᠵᠢ ᠪᠦᠷᠢᠳᠦᠭᠰᠡᠨ ᠦᠢᠯᠡᠴᠢᠯᠡᠭᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠢᠨᠴᠤᠸᠠᠨ ᠪᠣᠯᠤᠨ ᠬᠤᠳᠠ ᠶᠢᠨ ᠲᠣᠭᠤᠷᠢᠭ ᠢ ᠨᠢᠭᠡ | ᠴᠤᠬᠴᠠᠵᠢᠭᠤᠯᠬᠤ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠪᠡ᠃ | ᠴᠢᠶᠣᠤ ᠢᠦᠢ ᡂᠢ᠂ ᠼᠤᠤ ᡁᠢ᠂ ᠭᠤᠤ ᠬᠠᠨ ᠣᠷᠣᠯᠴᠠᠵᠠᠢ᠃ |