ᠶᠡᠷᠦᠩᠬᠡᠢ ᠱᠦᠵᠢ ᠶᠢᠨ ᠬᠠᠯᠠᠮᠵᠢᠯᠠᠵᠤ ᠪᠠᠶᠢᠭ᠎ᠠ ᠶᠠᠪᠤᠳᠠᠯ — ᠠᠷᠠᠳ ᠠᠴᠠ ᠡᠵᠡᠩᠨᠡᠭᠰᠡᠨ ᠠᠵᠤ ᠠᠬᠤᠢ ᠲᠡᠮᠡᠴᠡᠮᠡᠨᠵᠢᠨ ᠰᠠᠶ᠋ᠢ ᠢᠯᠠᠯᠲᠠ ᠳᠤ ᠬᠦᠷᠴᠦ ᠴᠢᠳᠠᠨ᠎ᠠ
ᠨᠡᠶᠢᠲᠡᠯᠡᠭᠰᠡᠨ ᠴᠠᠭ᠄
2025/2/26
      2 ᠳ᠋ᠤᠭᠠᠷ ᠰᠠᠷ᠎ᠠ ᠶᠢᠨ 17 ᠤ ᠡᠳᠦᠷ  ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠪᠡᠭᠡᠵᠢᠩ ᠳᠤ ᠶᠠᠪᠤᠭᠳᠠᠪᠠ᠃ ᠶᠡᠷᠦᠩᠬᠡᠢ ᠱᠦᠵᠢ ᠰᠢ ᠶᠢᠨ ᠫᠢᠩ ᠰᠠᠭᠤᠳᠠᠯ ᠤᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠡᠭᠦᠯ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠪᠦᠬᠦ ᠲᠠᠯ᠎ᠠ ᠪᠠᠷ ᠪᠠᠶᠢᠷᠢᠯᠠᠭᠤᠯᠪᠠ᠃    ᠡᠨᠡ ᠪᠣᠯ ᠵᠢᠷᠭᠤᠭᠠᠨ ᠵᠢᠯ ᠭᠠᠷᠤᠢ ᠶᠢᠨ ᠲᠠᠷᠠᠭ᠎ᠠ᠂ ᠶᠡᠷᠦᠩᠬᠡᠢ ᠱᠦᠵᠢ ᠳᠠᠬᠢᠨᠲᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠳᠤ ᠣᠷᠣᠯᠴᠠᠭᠰᠠᠨ ᠶᠠᠪᠤᠳᠠᠯ ᠪᠣᠯᠣᠨ᠎ᠠ᠃ 2018 ᠣᠨ ᠤ ᠨᠠᠮᠤᠷ ᠤᠨ ᠰᠡᠭᠦᠯᠴᠢ ᠳᠠᠬᠢ ᠠᠷᠠᠳ ᠤᠨ ᠶᠡᠭᠡ ᠬᠤᠷᠠᠯ ᠤᠨ ᠲᠠᠩᠬᠢᠮ ᠳᠤ᠂ ᠶᠡᠷᠦᠩᠬᠡᠢ ᠱᠦᠵᠢ ᠰᠢ ᠶᠢᠨ ᠫᠢᠩ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠠ ᠠᠷᠠᠳ ᠠᠴᠠ ᠡᠵᠡᠩᠨᠡᠭᠰᠡᠨ ᠠᠵᠤ ᠠᠬᠤᠶᠢᠯᠠᠯᠲᠠᠳ ᠪᠣᠯ ᠪᠢᠳᠡᠨ ᠤ ᠥᠪᠡᠷ ᠤᠨ ᠬᠥᠮᠥᠨ ᠪᠠᠶᠢᠬᠤ ᠶᠣᠰᠣᠲᠠᠢ︾ ᠭᠡᠰᠡᠨ ᠰᠡᠳᠬᠢᠯ ᠢ ᠳᠤᠯᠠᠭᠠᠯᠠᠭᠰᠠᠨ ᠦᠭᠡ ᠨᠢ ᠤᠷᠢᠬᠠᠨ ᠰᠠᠯᠬᠢ ᠥᠭᠭᠢᠶᠡᠮᠦᠷ ᠬᠤᠷ᠎ᠠ ᠮᠡᠲᠦ ᠪᠢᠯᠡ᠃ ᠡᠨᠡ ᠵᠢᠯ ᠶᠡᠷᠦᠩᠬᠡᠢ ᠱᠦᠵᠢ ᠰᠢ ᠶᠢᠨ ᠫᠢᠩ᠄ ︽ᠨᠠᠮ ᠪᠠ ᠤᠯᠤᠰ ᠨᠡᠶᠢᠭᠡᠮ ᠵᠢᠷᠤᠮ ᠤᠨ ᠦᠨᠳᠦᠰᠦᠨ ᠠᠵᠤ ᠠᠬᠤᠢ ᠶᠢᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ᠂ ᠨᠡᠶᠢᠲᠡ ᠶᠢᠨ ᠥᠮᠴᠢᠯᠡᠯᠲᠦ ᠠᠵᠤ ᠠᠬᠤᠢ ᠶᠢ ᠥᠴᠥᠬᠡᠨ ᠴᠦ ᠭᠤᠶᠢᠪᠢᠰᠢ ᠦᠭᠡᠢ ᠪᠠᠷ ᠪᠠᠬᠢᠵᠢᠭᠦᠯᠦᠨ ᠬᠥᠭᠵᠢᠭᠦᠯᠵᠦ᠂ ᠨᠡᠶᠢᠲᠡ ᠶᠢᠨ ᠥᠮᠴᠢᠯᠡᠯᠲᠦ ᠪᠤᠰᠤ ᠠᠵᠤ ᠠᠬᠤᠢ ᠶᠢᠨ ᠬᠥᠭᠵᠢᠯᠲᠡ ᠶᠢ ᠥᠴᠥᠬᠡᠨ ᠴᠦ ᠭᠤᠶᠢᠪᠢᠰᠢ ᠦᠭᠡᠢ ᠪᠠᠷ ᠵᠣᠷᠢᠭᠵᠢᠭᠤᠯᠤᠨ ᠲᠡᠮᠵᠢᠵᠤ᠂ ᠬᠥᠲᠥᠯᠥᠨ ᠵᠢᠯᠣᠭᠤᠳᠤᠨ᠎ᠠ︾ ᠭᠡᠵᠦ ᠳᠠᠬᠢᠨᠲᠠ ᠴᠢᠬᠤᠯᠠᠴᠢᠯᠠᠪᠠ᠃  
TT022601.jpg
    ᠠᠷᠪᠠ ᠭᠠᠷᠤᠢ ᠵᠢᠯ ᠤᠨ ᠲᠤᠷᠰᠢ᠂ ᠵᠡᠭᠦᠨ ᠡᠮᠦᠨᠡᠲᠦ ᠶᠢᠨ ᠲᠠᠯᠠᠢ ᠳᠠᠭᠠᠤ ᠣᠷᠣᠨ ᠠᠴᠠ ᠪᠠᠷᠠᠭᠤᠨ ᠬᠤᠶᠢᠲᠤ ᠶᠢᠨ ᠬᠢᠯᠢ ᠬᠢᠵᠠᠭᠠᠷ ᠬᠦᠷᠲᠡᠯ᠎ᠡ᠂ ᠤᠯᠠᠮᠵᠢᠯᠠᠯᠲᠤ ᠦᠢᠯᠡᠳᠬᠡᠯ ᠠᠴᠠ ᠳ᠋ᠢᠭᠢᠲ ᠤᠷᠤᠰᠬᠠᠯ ᠬᠦᠷᠲᠡᠯ᠎ᠡ᠂ ︽ᠬᠠᠮᠤᠭ ᠤᠯᠠᠨ ᠳᠤ ᠪᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠠᠴᠠ ︽ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ︾ ᠤᠨ ᠪᠦᠲᠦᠭᠡᠨ ᠪᠠᠶᠢᠭᠤᠯᠤᠯᠲᠠ ᠬᠦᠷᠲᠡᠯ᠎ᠡ᠂ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠭᠰᠠᠨ ᠤᠯᠠ ᠮᠥᠷ ᠤᠳ ᠠᠷᠠᠳ ᠠᠴᠠ ᠡᠵᠡᠩᠨᠡᠭᠰᠡᠨ ᠠᠵᠤ ᠠᠬᠤᠢ ᠶᠢᠨ ︽ᠢᠲᠡᠭᠡᠯ ᠵᠣᠷᠢᠭ ᠢ ᠬᠥᠪᠴᠢᠯᠡᠭᠰᠡᠨ ᠭᠠᠵᠠᠷ ᠤᠨ ᠵᠢᠷᠤᠭ︾ ᠪᠣᠯᠵᠤ ᠬᠤᠯᠪᠣᠯᠳᠤᠭᠰᠠᠨ ᠪᠠᠶᠢᠨ᠎ᠠ᠃ 2023 ᠣᠨ ᠤ 4 ᠳ᠋ᠦ᠋ᠭᠡᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢᠨ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ︽ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠢ ᠬᠢᠨᠠᠨ ᠵᠥᠪᠯᠡᠵᠦ ᠪᠠᠲᠤᠯᠠᠭᠠᠳ᠂ ᠮᠠᠨ ᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠴᠢᠬᠤᠯᠠ ᠵᠢᠷᠤᠮᠯᠠᠯ ᠬᠠᠩᠭᠠᠵᠠᠢ᠃    ᠥᠨᠥᠳᠥᠷ᠂ ᠳᠤᠮᠳᠠᠳᠤ ᠤᠯᠤᠰ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠪᠦᠬᠦ ᠪᠥᠮᠪᠥᠷᠴᠡᠭ ᠤᠨ ᠤᠷᠤᠯᠳᠤᠭᠠᠨ ᠤ ᠵᠠᠮ ᠤᠳ ᠢᠶᠠᠷ ᠴᠢᠯᠦᠭᠡᠲᠡᠢ ᠳᠠᠪᠬᠢᠯᠳᠤᠵᠤ᠂ ᠴᠡᠨᠡᠭ ᠤᠨ ᠬᠤᠪᠢᠰᠬᠠᠯ ᠢᠶᠠᠷ ᠳᠡᠯᠡᠬᠡᠢ ᠶᠢᠨ ᠮᠠᠰᠢᠨ ᠲᠡᠷᠭᠡᠨ ᠤ ᠭᠠᠵᠠᠷ ᠤᠨ ᠵᠢᠷᠤᠭ ᠢ ᠥᠭᠡᠷᠡᠴᠢᠯᠡᠨ ᠪᠢᠴᠢᠵᠦ ᠪᠠᠶᠢᠨ᠎ᠠ︔ ᠰᠢᠨ᠎ᠡ ᠨᠢᠭᠡ ᠦᠶ᠎ᠡ ᠶᠢᠨ ᠬᠢᠮᠡᠯ ᠭᠠᠷ ᠨᠢ ᠳᠤᠯᠠᠭᠠᠴᠠ᠂ ᠳᠠᠷᠤᠯᠲᠠ ᠶᠢ ᠮᠡᠳᠡᠷᠡᠬᠦ ᠴᠢᠳᠠᠪᠤᠷᠢ ᠶᠢ ᠪᠦᠷᠢᠳᠦᠭᠦᠯᠵᠦ᠂ ᠡᠨᠡ ᠵᠢᠯ ᠶᠡᠭᠡ ᠬᠡᠪᠴᠢᠶᠡᠨ ᠤ ᠬᠡᠮᠵᠢᠶᠡᠯᠡᠨ ᠦᠢᠯᠡᠳᠪᠦᠷᠢᠯᠡᠬᠦ ᠶᠢ ᠤᠭᠲᠤᠬᠤ ᠪᠣᠯᠣᠨ᠎ᠠ︔ DeepSeek ᠵᠡᠷᠭᠡ ᠤᠯᠤᠰ ᠤᠨ ᠳᠣᠲᠣᠭᠠᠳᠤ ᠳᠤ ᠦᠢᠯᠡᠳᠪᠦᠷᠢᠯᠡᠭᠰᠡᠨ ᠲᠣᠮᠣ ᠵᠠᠭᠪᠤᠷ ᠨᠢ ᠣᠳᠣᠬᠠᠨ ᠳᠤ ᠶᠠᠭ ᠮᠥᠩᠭᠦᠨ ᠭᠦᠢᠯᠭᠡᠭᠡ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠬᠦᠷᠢᠶᠡᠨ ᠳᠤ ᠣᠶᠤᠨᠴᠢᠯᠠᠭᠰᠠᠨ ᠬᠡᠯᠪᠡᠷᠢ ᠬᠤᠪᠢᠷᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠺᠣᠳ᠋ ᠢᠶᠠᠷ ᠵᠣᠬᠢᠶᠠᠮᠠᠯ ᠣᠶᠣᠨ ᠤ ᠮᠡᠷᠭᠡᠵᠢᠯ ᠤᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠵᠤ ᠪᠤᠢ ᠁ 5500 ᠭᠠᠷᠤᠢ ᠲᠦᠮᠡᠨ ᠡᠷᠦᠬᠡ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠨᠢ ᠭᠠᠶᠢᠯᠢ ᠲᠠᠲᠠᠪᠤᠷᠢ ᠶᠢᠨ 50%᠂ GDP ᠤᠨ 60%᠂ ᠮᠡᠷᠭᠡᠵᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠤᠨ 70%᠂ ᠠᠵᠢᠯ ᠤᠨ ᠪᠠᠶᠢᠷᠢ ᠶᠢᠨ 80%᠂ ᠠᠵᠤ ᠠᠬᠤᠶᠢᠯᠠᠯ ᠤᠨ ᠲᠣᠭᠠᠨ ᠤ 90% ᠢᠯᠡᠭᠦᠦ ᠶᠢ ᠬᠠᠨᠳᠢᠪᠯᠠᠭᠰᠠᠨ ᠲᠡᠳᠦᠢ ᠦᠭᠡᠢ᠂ ︽56789︾ ᠶᠢᠨ ᠠᠤᠭ᠎ᠠ ᠶᠡᠭᠡ ᠬᠦᠦᠷᠨᠢᠯ ᠳᠤᠮᠳᠠ ᠰᠢᠨ᠎ᠡ ᠡᠭᠦᠳᠦᠯᠲᠡ ᠶᠢᠨ ᠣᠭᠲᠠᠷᠭᠤᠢ ᠶᠢ ᠭᠡᠶᠢᠭᠦᠯᠵᠡᠢ᠃    ︽ᠤᠯᠤᠰ ᠲᠤ ᠪᠠᠨ ᠵᠢᠳᠬᠦᠬᠦ ᠵᠣᠷᠢᠭ ᠲᠠᠢ ᠪᠠᠶᠢᠬᠤ︾ ᠠᠴᠠ ᠠᠪᠤᠭᠠᠳ ︽ᠬᠠᠮᠲᠤ ᠪᠠᠷ ᠪᠠᠶᠠᠵᠢᠬᠤ ᠵᠠᠮ︾ ᠢ ᠡᠯᠭᠦᠬᠦ ᠬᠦᠷᠲᠡᠯ᠎ᠡ᠂ ︽ᠮᠣᠬᠤᠰᠢ ᠦᠭᠡᠢ ᠰᠡᠳᠬᠢᠯ ᠢᠶᠠᠷ ᠮᠥᠩᠬᠡ ᠶᠢᠨ ᠦᠢᠯᠡᠰ ᠪᠣᠰᠬᠠᠬᠤ︾ ᠭᠡᠰᠡᠨ ᠴᠢᠷᠮᠠᠶᠢᠯᠭ᠎ᠠ ᠠᠴᠠ ᠠᠪᠤᠭᠠᠳ ︽ᠤᠷᠢᠳ ᠢᠶᠠᠷ ᠪᠠᠶᠠᠵᠢᠭᠰᠠᠨ ᠨᠢ ᠬᠠᠮᠲᠤ ᠪᠠᠷ ᠪᠠᠶᠠᠵᠢᠬᠤ ᠶᠢ ᠠᠬᠢᠭᠤᠯᠬᠤ︾ ᠵᠠᠮ ᠳᠤ ᠣᠷᠣᠭᠤᠯᠬᠤ ᠬᠦᠷᠲᠡᠯ᠎ᠡ᠂ ᠰᠢᠨ᠎ᠡ ᠴᠠᠭ ᠦᠶ᠎ᠡ ᠶᠢᠨ ᠠᠵᠤ ᠠᠬᠤᠶᠢᠯᠠᠯᠲᠠᠳ ᠤᠨ ᠵᠣᠷᠢᠭ ᠰᠠᠨᠠᠭ᠎ᠠ ᠨᠢ ᠶᠠᠭ ᠥᠭᠡᠳᠡᠯᠡᠨ ᠮᠠᠨᠳᠤᠬᠤ ᠲᠡᠶᠢᠰᠢ ᠬᠥᠭᠵᠢᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠨᠢ ᠶᠠᠭ ᠶᠡᠷᠦᠩᠬᠡᠢ ᠱᠦᠵᠢ ᠶᠢᠨ ᠵᠢᠷᠤᠭᠯᠠᠭᠰᠠᠨ ᠪᠣᠷᠣ ᠵᠢᠷᠤᠭ ᠰᠢᠭ᠋ ᠢᠶᠠᠷ  ᠨᠡᠩ ᠥᠷᠭᠡᠨ ᠠᠭᠤᠳᠠᠮ ᠤᠳᠤᠨ ᠳᠠᠯᠠᠢ ᠵᠦᠭ ᠤᠷᠤᠭᠰᠢᠯᠠᠨ ᠳᠠᠪᠰᠢᠵᠤ ᠪᠠᠶᠢᠨ᠎ᠠ᠃ 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ