︵ᠰᠤᠷᠪᠤᠯᠵᠢᠯᠠᠭᠴᠢ ᠠᠷᠢᠭᠤᠨ᠎ᠠ︶ 2 ᠳ᠋ᠤᠭᠠᠷ ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ | ᠳ᠋ᠦᠩ ᠴᠢ ᠯᠦ ᠡᠮ ᠦᠢᠯᠡᠳᠬᠦ ︵ᠥᠪᠥᠷ ᠮᠣᠩᠭᠤᠯ︶ ᠬᠢᠵᠠᠭᠠᠷᠲᠤ ᠺᠣᠮᠫᠠᠨᠢ ᠂ ᠥᠪᠥᠷ ᠮᠣᠩᠭᠤᠯ ᠤᠨ ᠹᠦ᠋ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠬᠦ ᠶᠢᠨ | ᠬᠠᠮᠲᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠪᠠ᠃ | ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠾᠧ ᠬᠠᠢ ᠳ᠋ᠦᠩ ᠠᠵᠤ ᠠᠬᠤᠶᠢᠯᠠᠯ ᠤᠨ ᠦᠵᠡᠭᠦᠯᠭᠡ ᠶᠢᠨ ᠲᠢᠩᠬᠢᠮ᠂ ᠦᠢᠯᠡᠳᠪᠦᠷᠢᠯᠡᠯ ᠤᠨ ᠲᠠᠰᠤᠭ᠂ ᠲᠤᠷᠰᠢᠯᠲᠠ ᠶᠢᠨ | ᠲᠠᠰᠤᠭ ᠵᠡᠷᠭᠡ ᠳᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠦᠢᠯᠡᠳᠬᠦᠨ ᠤ ᠪᠦᠲᠦᠴᠡ᠂ ᠦᠢᠯᠡᠳᠪᠦᠷᠢᠯᠡᠯ ᠤᠨ ᠦᠷᠳᠡᠭ ᠦᠢᠯᠡᠳᠪᠦᠷᠢᠯᠡᠯ ᠤᠨ | ᠴᠢᠳᠠᠪᠤᠷᠢ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠠᠮᠤᠷ ᠲᠦᠪᠰᠢᠨ ᠵᠡᠷᠭᠡ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠠᠵᠤ ᠠᠬᠤᠶᠢᠯᠠᠯ ᠢ ᠢᠲᠡᠭᠡᠯ ᠵᠣᠷᠢᠭ ᠢᠶᠠᠨ | ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠦᠢᠯᠡᠳᠪᠦᠷᠢᠯᠡᠯ ᠢ ᠠᠳᠬᠤᠵᠤ᠂ | ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ᠂ ᠰᠢᠨ᠎ᠡ ᠨᠢᠭᠡ ᠵᠢᠯ ᠳᠤ ᠳᠠᠬᠢᠨᠲᠠ ᠰᠢᠯᠢᠳᠡᠭ ᠠᠮᠵᠢᠯᠲᠠ | ᠪᠦᠲᠦᠮᠵᠢ ᠭᠠᠷᠭᠠᠬᠤ ᠶᠢ ᠵᠣᠷᠢᠭᠵᠢᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠾᠧ ᠬᠠᠢ ᠳ᠋ᠦᠩ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠪᠣᠯᠣᠨ ᠳᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠲᠤᠬᠠᠢ ᠶᠢᠨ ᠲᠠᠯᠠᠪᠤᠷ ᠲᠤ | ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠭᠰᠠᠨ ᠬᠦᠴᠢᠷᠳᠡᠯ ᠪᠣᠯᠣᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠡᠷᠡ ᠴᠢᠬᠤᠯᠠᠴᠢᠯᠠᠬᠤ ᠳᠠᠭᠠᠨ᠂ ᠣᠳᠣᠬᠠᠨ ᠳᠤ᠂ | ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠴᠢᠬᠤᠯᠠ ᠬᠥᠭᠵᠢᠯᠲᠡ ᠶᠢᠨ ᠠᠵᠠ ᠲᠣᠬᠢᠶᠠᠯ ᠢ ᠤᠭᠲᠤᠨ ᠠᠪᠴᠢᠷᠠᠵᠤ᠂ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠥᠷᠭᠡᠳᠬᠡᠵᠦ᠂ | ᠦᠢᠯᠡᠳᠬᠦᠨ ᠤ ᠨᠡᠮᠡᠯᠲᠡ ᠦᠷᠳᠡᠭ ᠢ ᠴᠢᠨᠠᠭᠰᠢᠳᠠ ᠳᠡᠭᠡᠭᠰᠢᠯᠡᠭᠦᠯᠵᠦ᠂ ᠨᠡᠩ ᠶᠡᠭᠡ ᠬᠥᠭᠵᠢᠯᠲᠡ ᠶᠢᠨ ᠣᠷᠣᠨ ᠵᠠᠢ ᠶᠢ ᠰᠦᠪᠡᠭᠴᠢᠯᠡᠬᠦ ᠬᠡᠷᠡᠭᠲᠡᠢ᠃ ᠡᠭᠦᠨ ᠤ ᠬᠠᠮᠲᠤ ᠠᠵᠤ | ᠠᠬᠤᠶᠢᠯᠠᠯ ᠤᠨ ᠬᠢᠨ ᠡᠷᠴᠢ ᠵᠣᠷᠢᠭ ᠢᠶᠠᠨ ᠬᠦᠪᠴᠢᠯᠡᠵᠦ᠂ ᠠᠵᠢᠯ ᠲᠦᠷᠦᠯ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠣᠨᠣᠪᠴᠢᠲᠠᠢ ᠡᠵᠡᠮᠳᠡᠵᠦ᠂ ᠦᠢᠯᠡᠳᠬᠦᠨ ᠤ ᠦᠷᠢᠰᠦᠯᠳᠦᠬᠦ | ᠬᠦᠴᠦᠨ᠂ ᠲᠦᠷᠦᠯ ᠲᠡᠮᠳᠡᠭ ᠤᠨ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠶᠢᠨ ᠬᠥᠭᠵᠢᠯᠲᠡ ᠪᠣᠯᠣᠨ | ᠨᠡᠶᠢᠭᠡᠮ ᠤᠨ ᠲᠠᠪᠰᠢᠯᠳᠠ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠳ ᠠᠵᠤ | ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠪᠣᠯᠣᠨ ᠬᠡᠷᠡᠭᠴᠡᠭᠡ ᠱᠠᠭᠠᠷᠳᠠᠯᠭ᠎ᠠ ᠶᠢ ᠨᠢᠭᠲᠠ ᠠᠩᠬᠠᠷᠴᠤ᠂ ᠴᠢᠳᠠᠪᠤᠷᠢᠲᠠᠨ ᠢ ᠬᠥᠮᠥᠵᠢᠭᠦᠯᠬᠦ᠂ ᠦᠷ᠎ᠡ ᠪᠦᠲᠦᠭᠡᠯ ᠢ ᠤᠯᠠᠷᠢᠭᠤᠯᠬᠤ᠂ | ᠬᠦᠴᠦᠨ ᠵᠦᠢᠯ ᠢ ᠪᠠᠲᠤᠯᠠᠬᠤ ᠵᠡᠷᠭᠡ ᠲᠠᠯ᠎ᠠ ᠪᠠᠷ ᠨᠠᠷᠢᠯᠢᠭ ᠣᠨᠣᠪᠴᠢᠲᠠᠢ ᠦᠢᠯᠡᠴᠢᠯᠡᠭᠡ ᠬᠠᠩᠭᠠᠵᠤ᠂ ᠭᠦᠨᠵᠡᠭᠡᠢ ᠰᠤᠳᠤᠯᠵᠤ᠂ ᠬᠠᠮᠤᠭ ᠰᠢᠨ᠎ᠡ ᠠᠵᠤ ᠠᠬᠤᠶᠢᠯᠠᠯ ᠢ ᠬᠠᠯᠠᠮᠵᠢᠯᠠᠬᠤ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠡᠮᠬᠢᠳᠬᠡᠨ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠢᠲᠡᠭᠡᠯ ᠵᠣᠷᠢᠭ ᠢ ᠨᠢ ᠪᠠᠲᠤᠳᠬᠠᠨ᠂ ᠵᠢᠱᠢᠯᠲᠡ ᠶᠢ | ᠲᠣᠭᠲᠠᠪᠤᠷᠢᠵᠢᠭᠤᠯᠵᠤ᠂ ᠲᠦᠷᠭᠡᠨ ᠬᠥᠭᠵᠢᠭᠦᠯᠵᠦ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃ | ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | |