︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠤᠮᠠᠷᠠᠲᠤ ᠶᠢᠨ ᠡᠯᠡᠰᠦᠨ ᠰᠢᠭᠤᠷᠭ᠎ᠠ ᠶᠢᠨ ᠪᠦᠰᠡ ᠶᠢᠨ ᠤᠰᠤ ᠰᠢᠷᠣᠶ ᠶᠢ ᠵᠣᠬᠢᠴᠠᠭᠤᠯᠬᠤ ᠪᠠ ᠴᠢᠳᠠᠮᠵᠢ ᠶᠢ ᠳᠡᠭᠡᠭᠰᠢᠯᠡᠭᠦᠯᠬᠦ ᠮᠡᠷᠭᠡᠵᠢᠯ︾ ᠤᠨ ᠲᠥᠷᠥᠯ ᠵᠦᠢᠯ ᠬᠥᠬᠡᠬᠤᠲᠠ ᠳᠤ ᠡᠬᠢᠯᠡᠪᠡ
ᠨᠡᠶᠢᠲᠡᠯᠡᠭᠰᠡᠨ ᠴᠠᠭ᠄
2025/2/27
      ︵ᠰᠤᠷᠪᠤᠯᠵᠢᠯᠠᠭᠴᠢ ᠡᠦ ᠽᠢ ᠰᠢᠤᠸᠠᠨ︶ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ︽ᠤᠮᠠᠷᠠᠲᠤ ᠶᠢᠨ ᠡᠯᠡᠰᠦᠨ ᠰᠢᠭᠤᠷᠭ᠎ᠠ ᠶᠢᠨ ᠪᠦᠰᠡ ᠶᠢᠨ ᠤᠰᠤ ᠰᠢᠷᠣᠶ ᠶᠢ ᠵᠣᠬᠢᠴᠠᠭᠤᠯᠬᠤ ᠪᠠ ᠴᠢᠳᠠᠮᠵᠢ ᠶᠢ ᠳᠡᠭᠡᠭᠰᠢᠯᠡᠭᠦᠯᠬᠦ ᠮᠡᠷᠭᠡᠵᠢᠯ︾ ᠤᠨ ᠲᠥᠷᠥᠯ ᠵᠦᠢᠯ ᠢ 2 ᠳ᠋ᠤᠭᠠᠷ ᠰᠠᠷ᠎ᠠ ᠶᠢᠨ 24 ᠤ ᠡᠳᠦᠷ ᠬᠥᠬᠡᠬᠤᠲᠠ ᠳᠤ ᠡᠬᠢᠯᠡᠭᠦᠯᠵᠦ᠂ ᠲᠤᠰ ᠲᠥᠷᠥᠯ ᠵᠦᠢᠯ ᠤᠨ ᠬᠡᠷᠡᠭᠵᠢᠭᠦᠯᠦᠯᠲᠡ ᠨᠢ ᠤᠮᠠᠷᠠᠲᠤ ᠶᠢᠨ ᠠᠮᠢ ᠠᠬᠤᠢ ᠶᠢᠨ ᠠᠮᠤᠷ ᠲᠥᠪᠰᠢᠨ ᠤ ᠬᠠᠯᠬᠠᠪᠴᠢ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢ ᠠᠬᠢᠭᠤᠯᠵᠤ᠂ ᠮᠠᠨ ᠤ ᠤᠯᠤᠰ ᠤᠨ ᠡᠯᠡᠰᠦᠨ ᠰᠢᠭᠤᠷᠭ᠎ᠠ ᠶᠢᠨ ᠪᠦᠰᠡ ᠶᠢ ᠵᠠᠰᠠᠬᠤ ᠰᠤᠳᠤᠯᠭᠠᠨ ᠤ ᠬᠢᠷᠢ ᠲᠦᠪᠰᠢᠨ ᠢ ︽ᠳᠠᠭᠠᠬᠤ᠂  ᠵᠡᠷᠭᠡᠴᠡᠬᠦ︾ ᠠᠴᠠ ︽ᠵᠡᠷᠭᠡᠴᠡᠬᠦ᠂ ᠳᠠᠭᠠᠭᠤᠯᠬᠤ︾ ᠵᠦᠭ ᠬᠦᠭᠵᠢᠬᠦ ᠶᠢ ᠠᠬᠢᠭᠤᠯᠬᠤ ᠪᠤᠯᠤᠨ᠎ᠠ᠃      ᠲᠣᠰ ᠲᠥᠷᠥᠯ ᠵᠦᠢᠯ ᠨᠢ ︽ᠶᠠᠪᠠᠷᠠᠢ ᠠᠭᠤᠯᠠ ᠶᠢᠨ ᠡᠯᠡᠰᠦᠨ ᠰᠢᠭᠤᠷᠭ᠎ᠠ ᠶᠢ ᠶᠡᠷᠦᠩᠬᠡᠶᠢᠯᠡᠨ ᠵᠠᠰᠠᠬᠤ ᠪᠠ ᠡᠯᠡᠰᠦᠨ ᠴᠥᠯ ᠤᠨ ᠬᠥᠪᠡᠭᠡ ᠵᠠᠬ᠎ᠠ ᠶᠢᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠣᠶ ᠰᠢᠭᠤᠶ ᠤᠷᠭᠤᠮᠠᠯ ᠤᠨ ᠪᠦᠰᠡ ᠶᠢᠨ ᠪᠥᠲᠥᠭᠡᠨ ᠪᠠᠶᠢᠭᠤᠯᠤᠯᠲᠠ ᠶᠢᠨ ᠮᠡᠷᠭᠡᠵᠢᠯ ᠤᠨ ᠵᠢᠱᠢᠶ᠎ᠡ ᠦᠵᠡᠭᠦᠯᠬᠦ︾ ᠥᠪᠡᠷᠲᠡᠭᠡᠨ ᠵᠠᠰᠠᠬᠤ ᠣᠷᠣᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ ᠳᠤ ᠲᠦᠰᠢᠭᠯᠡᠨ᠂ ︽ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ᠂ ᠤᠰᠤ ᠰᠢᠷᠣᠶ ᠶᠢ ᠵᠣᠬᠢᠴᠠᠭᠤᠯᠬᠤ᠂ ᠰᠢᠰᠲ᠋ᠧᠮ ᠲᠠᠢ ᠵᠠᠰᠠᠬᠤ᠂ ᠴᠢᠳᠠᠮᠵᠢ ᠶᠢ ᠳᠡᠭᠡᠭᠰᠢᠯᠡᠭᠦᠯᠬᠦ︾ ᠵᠠᠰᠠᠯᠲᠠ ᠶᠢᠨ ᠣᠨᠣᠯᠵᠢᠬᠤᠨ ᠶᠣᠰᠣᠭᠠᠷ᠂ ᠤᠮᠠᠷᠠᠲᠤ ᠶᠢᠨ ᠡᠯᠡᠰᠦᠨ ᠰᠢᠭᠤᠷᠭ᠎ᠠ ᠶᠢᠨ ᠪᠦᠰᠡ ᠶᠢᠨ ᠤᠰᠤᠨ ᠤ ᠡᠬᠢ ᠪᠠᠶᠠᠯᠢᠭ ᠪᠠ ᠠᠮᠢ ᠠᠬᠤᠶ ᠶᠢᠨ ᠰᠢᠰᠲ᠋ᠧᠮ ᠤᠨ ᠴᠠᠭ ᠬᠤᠭᠤᠴᠠᠭ᠎ᠠ ᠪᠠ ᠣᠷᠣᠨ ᠵᠠᠶ ᠶᠢᠨ ᠲᠠᠷᠬᠠᠯᠲᠠ ᠶᠢᠨ ᠪᠠᠶᠢᠷᠢᠰᠢᠯ ᠢ ᠢᠯᠭᠠᠨ ᠲᠠᠨᠢᠵᠤ᠂ ᠬᠠᠮᠠᠭᠠᠯᠠᠯᠲᠠ ᠶᠢᠨ ᠤᠷᠭᠤᠮᠠᠯ ᠤᠨ ᠬᠤᠴᠢᠯᠭ᠎ᠠ ᠶᠢᠨ ᠰᠢᠰᠲ᠋ᠧᠮᠵᠢ ᠶᠢᠨ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠶᠢ ᠦᠨᠡᠯᠡᠨ ᠵᠢᠱᠢᠬᠦ ᠪᠣᠯᠤᠨ᠎ᠠ᠃ ᠡᠭᠦᠨ ᠤ ᠬᠠᠮᠲᠤ ᠬᠥᠷᠥᠰᠥ ᠰᠢᠷᠣᠶ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠷᠨᠢᠭᠦᠯᠵᠦ᠂ ᠤᠷᠭᠤᠮᠠᠯ ᠤᠨ ᠬᠤᠴᠢᠯᠭ᠎ᠠ ᠶᠢ ᠳᠠᠬᠢᠨ ᠪᠠᠶᠢᠭᠤᠯᠬᠤ ᠪᠠ ᠵᠠᠰᠠᠨ ᠰᠡᠷᠭᠦᠭᠡᠬᠦ ᠮᠡᠷᠭᠡᠵᠢᠯ ᠤᠨ ᠰᠢᠨ᠎ᠡ ᠶᠢ ᠡᠭᠦᠳᠴᠦ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠪᠡᠯᠴᠢᠭᠡᠷ ᠨᠠᠭᠤᠷ ᠪᠦᠷᠢᠳᠦ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠮᠡᠷᠭᠡᠵᠢᠯ ᠤᠨ ᠵᠠᠭᠪᠤᠷ ᠢ ᠬᠠᠶᠢᠨ ᠰᠦᠪᠡᠭᠴᠢᠯᠡᠵᠦ᠂ ᠡᠯᠡᠰᠦᠨ ᠰᠢᠭᠤᠷᠭ᠎ᠠ ᠶᠢᠨ ᠪᠦᠰᠡ ᠶᠢᠨ ᠤᠰᠤ ᠰᠢᠷᠣᠶ ᠶᠢᠨ ᠡᠬᠢ ᠪᠠᠶᠠᠯᠢᠭ ᠢ ᠵᠣᠬᠢᠴᠠᠭᠤᠯᠬᠤ ᠪᠠ ᠴᠢᠳᠠᠮᠵᠢ ᠶᠢ ᠳᠡᠭᠡᠭᠰᠢᠯᠡᠭᠦᠯᠬᠦ ᠣᠨᠣᠯ ᠤᠨ ᠠᠷᠭ᠎ᠠ ᠬᠢᠭᠡᠳ ᠮᠡᠷᠭᠡᠵᠢᠯ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠳᠠᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃ ᠲᠠᠷᠠᠭᠠᠴᠢ ᠶᠢᠨ ᠠᠯᠬᠤᠮ ᠳᠤ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠨᠢ ᠲᠥᠷᠥᠯ ᠵᠦᠢᠯ ᠤᠨ ᠲᠦᠷᠦᠭᠦᠯᠡᠬᠦ ᠨᠢᠭᠡᠴᠢ ᠪᠣᠯᠤᠭᠰᠠᠨ ᠤ ᠬᠤᠪᠢ ᠳᠤ᠂ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠬᠠᠮᠢᠶᠠᠷᠤᠯᠲᠠ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠭᠦᠢᠴᠡᠳ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠬᠡᠷᠡᠭᠵᠢᠭᠦᠯᠦᠯᠲᠡ ᠶᠢᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠴᠢᠩᠭᠠᠳᠬᠠᠨ᠂ ᠲᠥᠷᠥᠯ ᠵᠦᠢᠯ ᠤᠨ ᠬᠠᠷᠠᠯᠲᠠ ᠪᠠ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠶ ᠪᠡᠶᠡᠯᠡᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ