ᠭᠦᠭᠡᠬᠤᠲᠠ᠄ ᠡᠷᠳᠡᠮᠲᠡᠨ ᠴᠢᠳᠠᠪᠤᠷᠢᠲᠠᠨ ᠢ ᠴᠤᠭᠯᠠᠷᠠᠭᠤᠯᠵᠤ ᠬᠥᠭᠵᠢᠯᠲᠡ ᠶᠢᠨ ᠥᠨᠳᠦᠷᠯᠢᠭ ᠢ ᠴᠣᠭᠴᠠᠯᠠᠨ᠎ᠠ
ᠨᠡᠶᠢᠲᠡᠯᠡᠭᠰᠡᠨ ᠴᠠᠭ᠄
2025/2/27
      ᠣᠳᠣᠬᠠᠨ ᠤ ᠬᠤᠷᠴᠠ ᠰᠢᠷᠦᠭᠦᠨ ᠬᠤᠲᠠ ᠶᠢᠨ ᠥᠷᠢᠰᠦᠯᠳᠦᠭᠡᠨ ᠳᠤ ᠴᠢᠳᠠᠪᠤᠷᠢᠲᠠᠨ ᠨᠢ ᠬᠥᠭᠵᠢᠯᠲᠡ ᠶᠢ ᠠᠬᠢᠭᠤᠯᠬᠤ ᠭᠤᠣᠯ ᠬᠦᠴᠦᠨ ᠪᠣᠯᠵᠠᠢ᠃ ᠣᠶᠢᠷ᠎ᠠ ᠶᠢᠨ ᠵᠢᠯ ᠳᠤ ᠭᠦᠭᠡᠬᠤᠲᠠ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠭᠤᠶᠢᠳᠠ ᠰᠠᠶᠢᠬᠠᠨ ᠵᠢᠷᠤᠭ ᠢ ᠵᠢᠷᠤᠭᠯᠠᠵᠤ ᠪᠠᠶᠢᠨ᠎ᠠ᠃      ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠪᠣᠯ ᠴᠢᠳᠠᠪᠤᠷᠢᠲᠠᠨ ᠢ ᠲᠠᠲᠠᠬᠤ ︽ᠰᠣᠷᠢᠨᠵᠢᠨ︾ ᠮᠥᠨ᠃ ᠭᠦᠭᠡᠬᠤᠲᠠ ᠰᠢᠰᠲ᠋ᠧᠮᠵᠢᠭᠰᠡᠨ᠂ ᠯᠤᠲᠤ ᠶᠡᠭᠡ ᠲᠠᠲᠠᠬᠤ ᠬᠦᠴᠦᠨ ᠲᠠᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠰᠡᠳᠬᠢᠯ ᠲᠠᠯᠪᠢᠨ ᠪᠠᠶᠢᠭᠤᠯᠵᠤ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ ᠶᠢ ᠥᠷᠭᠡᠳᠬᠡᠬᠦ᠂ ᠲᠠᠰ ᠳᠠᠪᠬᠤᠷᠭ᠎ᠠ ᠶᠢ ᠳᠡᠭᠡᠭᠰᠢᠯᠡᠭᠦᠯᠭᠦ᠂ ᠠᠵᠤ ᠦᠢᠯᠡᠰ ᠪᠠ ᠴᠢᠳᠠᠪᠤᠷᠢᠲᠠᠨ ᠢ ᠠᠭᠤᠰᠤᠯᠴᠠᠭᠤᠯᠬᠤ ᠵᠡᠷᠭᠡ ᠵᠠᠩᠭᠢᠯᠠᠭ᠎ᠠ ᠶᠢᠨ ᠬᠦᠷᠢᠶᠡᠨ ᠳᠤ ︽ᠰᠢᠨ᠎ᠡ ᠴᠠᠭ ᠦᠶ᠎ᠡ ᠶᠢᠨ ᠣᠷᠣᠨ ᠤ ᠲᠥᠪ ᠤᠨ ᠴᠢᠳᠠᠪᠤᠷᠢᠲᠠᠨ ᠤ ᠠᠵᠢᠯ ᠢ ᠴᠢᠨᠠᠷ ᠰᠠᠶᠢᠲᠠᠢ ᠠᠬᠢᠭᠤᠯᠬᠤ ᠲᠤᠬᠠᠢ ᠰᠠᠨᠠᠯ︾᠂ ᠲᠤᠬᠠᠶᠢᠯᠠᠪᠠᠯ ︽ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠢ ᠨᠡᠶᠢᠲᠡᠯᠡᠪᠡ᠃ ᠪᠦᠭᠦ ᠬᠤᠲᠠ ᠶᠢᠨ ᠳᠡᠭᠡᠳᠦ ᠲᠠᠰ ᠤᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠵᠠᠮ ᠢ ᠨᠡᠭᠡᠭᠡᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠵᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠴᠦ ᠵᠢᠩᠬᠢᠨᠢ ᠪᠠᠷ ᠨᠠᠶᠢᠳᠠᠪᠤᠷᠢᠵᠢᠭᠤᠯᠪᠠ᠃ 2024 ᠣᠨ ᠳᠤ ᠲᠣᠭᠠᠴᠢᠯᠠᠭᠰᠠᠨ ᠣᠷᠣᠨ ᠤ ᠲᠥᠪ ᠤᠨ ᠴᠢᠳᠠᠪᠤᠷᠢᠲᠠᠨ ᠤ ᠦᠢᠯᠡᠴᠢᠯᠡᠭᠡᠨ ᠤ ᠲᠠᠪᠴᠠᠩ ᠢᠶᠠᠷ ᠳᠠᠮᠵᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠳ᠋ᠦᠩᠰᠢᠭᠤᠷ ᠲᠥᠭᠦᠷᠢᠭ ᠤᠨ ᠴᠢᠳᠠᠪᠤᠷᠢᠲᠠᠨ ᠤ ᠠᠵᠢᠯ ᠤᠨ ᠵᠠᠷᠤᠳᠠᠯ ᠪᠠᠭᠤᠯᠭᠠᠨ᠂ ᠴᠢᠳᠠᠪᠤᠷᠢᠲᠠᠨ ᠤ ᠪᠠᠲᠤᠯᠠᠭ᠎ᠠ ᠶᠢᠨ ᠣᠷᠣᠨ ᠰᠠᠭᠤᠴᠠ ᠶᠢ 1.5 ᠲᠦᠮᠡ ᠭᠠᠷᠤᠢ ᠢᠵᠢ ᠬᠠᠩᠭᠠᠪᠠ᠃      ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠪᠣᠯ ᠴᠢᠳᠠᠪᠤᠷᠢᠲᠠᠨ ᠤ ᠡᠷᠳᠡᠮ ᠴᠢᠳᠠᠪᠤᠷᠢ ᠪᠠᠨ ᠪᠠᠳᠠᠷᠠᠭᠤᠯᠬᠤ ︽ᠲᠣᠮᠣ ᠲᠠᠪᠴᠠᠩ︾ ᠮᠥᠨ᠃ ᠭᠦᠭᠡᠬᠤᠳᠠ ᠶᠢᠨ ᠬᠤᠷᠢᠨᠭᠡᠷ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠣᠶᠤᠨᠴᠢ ᠦᠢᠯᠡᠳᠬᠦ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠪᠣᠳᠠᠲᠤ ᠴᠣᠭᠴᠠ ᠶᠢᠨ ᠡᠵᠡᠩᠨᠡᠯᠲᠡ ᠶᠢ ᠪᠦᠭᠦ ᠬᠦᠴᠦᠨ ᠢᠶᠠᠷ ᠢᠶᠠᠨ ᠳᠡᠮᠵᠢᠨ ᠲᠤᠰ ᠰᠤᠷᠭᠠᠭᠤᠯᠢ ᠶᠢᠨ ᠨᠠᠷᠢᠯᠢᠭ ᠪᠢᠴᠢᠯ ᠦᠢᠯᠡᠳᠬᠦ ᠮᠡᠷᠭᠡᠵᠢᠯ ᠤᠨ ᠪᠦᠭᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠯᠭᠦᠮ ᠢ ᠣᠷᠣᠭᠤᠯᠤᠨ ᠠᠪᠴᠢᠷᠠᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠳᠡᠯᠡᠬᠡᠢ ᠶᠢᠨ ᠲᠡᠷᠢᠭᠦᠨ ᠤ ᠪᠠᠷᠢᠮᠵᠢᠶ᠎ᠠ ᠪᠦᠬᠦᠢ ᠠᠭᠠᠷ ᠣᠭᠲᠠᠷᠭᠤᠢ ᠶᠢᠨ ᠠᠯᠭᠠᠰᠠᠯ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠣᠮᠣ ᠰᠢᠨᠵᠢᠯᠡᠬᠦ ᠤᠬᠠᠭᠠᠨ ᠤ ᠲᠣᠨᠣᠭᠯᠠᠯ ᠪᠠ ᠬᠡᠮᠵᠢᠯᠲᠡ ᠶᠢᠨ ᠰᠠᠭᠤᠷᠢ ᠪᠠᠷᠢᠮᠵᠢᠶᠠᠲᠤ ᠲᠠᠰ ᠤᠨ ᠥᠨᠳᠥᠷ ᠴᠢᠳᠠᠪᠬᠢᠲᠤ ᠭᠡᠷᠡᠯ ᠤᠨ ᠰᠠᠷᠠᠯᠵᠢ ᠶᠢ ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠢ ᠪᠠᠶᠢᠭᠤᠯᠪᠠ᠃ 2024 ᠣᠨ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠬᠤᠸᠠᠩ ᠸᠧᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠫᠷᠤᠹᠧᠰᠰᠤᠷ ᠯᠢᠦ ᠬᠤᠩ ᠵᠦᠩ ᠵᠡᠷᠭᠡ ᠳᠡᠭᠡᠳᠦ ᠲᠡᠰ ᠤᠨ ᠴᠢᠳᠠᠪᠤᠷᠢᠲᠠᠨ ᠤ ᠪᠦᠯᠭᠦᠮ ᠢ ᠵᠠᠯᠭᠠᠭ᠎ᠠ ᠪᠠᠷ ᠣᠷᠣᠭᠤᠯᠤᠨ ᠠᠪᠴᠢᠷᠠᠵᠤ᠂ ᠪᠦᠭᠦ ᠵᠢᠯ ᠳᠤ ᠰᠢᠨ᠎ᠡ ᠪᠠᠷ 10 ᠴᠢᠳᠠᠪᠤᠷᠢᠲᠠᠨ ᠤ ᠪᠦᠯᠭᠦᠮ ᠨᠡᠮᠡᠭᠳᠡᠭᠡᠳ ᠶᠡᠷᠦᠩᠬᠡᠢ ᠲᠤᠭ᠎ᠠ ᠨᠢ 52 ᠪᠣᠯᠵᠤ᠂ ᠰᠢᠨ᠎ᠡ ᠪᠠᠷ ᠨᠡᠮᠡᠭᠳᠡᠭᠰᠡᠨ ᠴᠢᠳᠠᠪᠤᠷᠢᠲᠠᠨ 1300 ᠪᠠᠶᠢᠵᠤ᠂ ᠶᠡᠷᠦᠩᠬᠡᠢ ᠲᠤᠭ᠎ᠠ ᠨᠢ 1.94 ᠲᠦᠮᠡ ᠳᠤ ᠬᠦᠷᠴᠡᠢ᠃      ︽ᠤᠯᠤᠰ ᠤᠨ ᠨᠡᠷᠡᠮᠵᠢᠲᠤ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠪᠴᠠᠩ ᠪᠣᠯ ᠴᠢᠳᠠᠪᠤᠷᠢᠲᠠᠨ ᠤ ᠰᠤᠳᠤᠯᠭᠠᠨ ᠤ ᠦᠷ᠎ᠡ ᠪᠦᠲᠦᠭᠡᠯ ᠢ ᠣᠨᠳᠣᠣᠰᠢᠭᠤᠯᠬᠤ ︽ᠠᠯᠳᠠᠨ ᠬᠥᠭᠦᠷᠭᠡ︾ ᠮᠥᠨ᠃ ᠭᠦᠭᠡᠬᠤᠳᠠ ᠳᠤ ᠪᠠᠶᠢᠭ᠎ᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠦᠷᠢᠨ ᠲᠡᠭᠦᠯᠳᠡᠷ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠪᠡᠯᠡ ᠮᠥᠩᠭᠦ ᠨᠡᠪᠴᠢᠭᠦᠯᠬᠦ ᠲᠠᠲᠠᠭᠠᠯ ᠪᠠᠶᠢᠭᠤᠯᠤᠨ᠂ ᠳᠡᠭᠡᠳᠦ ᠳᠣᠣᠷᠠᠳᠤ ᠤᠷᠤᠰᠬᠠᠯ ᠤᠨ 123 ᠠᠵᠤ ᠠᠬᠤᠶᠢᠯᠠᠯ ᠢ ᠪᠦᠳᠤᠮᠵᠢᠳᠠᠢ ᠬᠤᠯᠪᠣᠵᠤ᠂ 239 ᠲᠥᠷᠥᠯ ᠵᠦᠢᠯ ᠢ ᠬᠡᠷᠡᠭᠵᠢᠭᠦᠯᠦᠨ᠂ 10 ᠵᠦᠢᠯ ᠤᠨ ᠳᠡᠯᠡᠬᠡᠢ ᠶᠢᠨ ᠲᠡᠷᠢᠭᠦᠨ ᠤ ᠲᠦᠪᠰᠢᠨ ᠪᠦᠬᠦᠢ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠣᠯᠣᠭᠰᠠᠨ ᠪᠥᠭᠡᠳ ᠠᠵᠤ ᠦᠢᠯᠡᠰᠵᠢᠯᠲᠡ ᠶᠢ ᠪᠡᠶᠡᠯᠡᠭᠦᠯᠪᠡ︔ ᠤᠯᠤᠰ ᠤᠨ ᠡᠪᠡᠰᠦᠨ ᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠡᠯ᠎ᠡ ᠲᠠᠯ᠎ᠠ ᠶᠢᠨ ᠠᠵᠢᠯ ᠯᠠᠪᠳᠠᠭᠤᠨ ᠲᠣᠭᠲᠠᠭᠤᠨ ᠢᠶᠠᠷ ᠤᠷᠤᠭᠰᠢ ᠠᠬᠢᠵᠤ᠂ ᠪᠦᠭᠦ ᠤᠯᠤᠰ ᠤᠨ ᠡᠪᠡᠰᠦᠨ ᠤ ᠠᠵᠤ ᠦᠢᠯᠡᠰ ᠤᠨ ᠠᠩᠬᠠᠳᠠᠭᠴᠢ ᠮᠡᠳᠡᠯᠭᠡ ᠶᠢᠨ ᠥᠮᠴᠢᠯᠡᠯ ᠤᠨ ᠡᠷᠬᠡ ᠶᠢᠨ ᠡᠵᠡᠩᠨᠡᠯᠲᠡ ᠶᠢᠨ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠣᠷᠣ ᠴᠠᠷᠭᠠᠰᠤ ᠶᠢᠨ ᠠᠮᠢᠳᠤ ᠪᠣᠳᠠᠰ ᠤᠨ ᠠᠮᠤᠷ ᠲᠦᠪᠰᠢᠨ ᠤ ᠦᠨᠡᠯᠡᠯᠲᠡ ᠶᠢᠨ ᠵᠠᠪᠰᠠᠷ ᠤᠨ ᠲᠤᠷᠰᠢᠯᠲᠠ ᠶᠢᠨ ᠰᠠᠭᠤᠷᠢᠨ ᠢᠶᠠᠷ ᠵᠥᠪᠰᠢᠶᠡᠷᠡᠭᠳᠡᠵᠦ᠂ ᠮᠧᠩ ᠼᠤᠤ ᠺᠤᠮᠫᠠᠨᠢ ᠲᠦᠷᠦᠭᠦᠯᠡᠨ ᠡᠯ᠎ᠡ ᠲᠠᠯ᠎ᠠ ᠶᠢᠨ ᠬᠢᠨ ᠲᠠᠢ ᠬᠤᠯᠪᠤᠭᠠᠯᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠴᠠᠷᠭᠠᠰᠤ ᠶᠢᠨ ᠶᠠᠰᠤ ᠴᠢᠨᠠᠷ ᠤᠨ ᠰᠤᠳᠤᠯᠭᠠᠨ ᠥᠷᠨᠢᠭᠦᠯᠵᠦ ᠪᠠᠶᠢᠨ᠎ᠠ︔ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ ᠤᠨ ᠰᠢᠨ᠎ᠡ ᠶᠢ ᠡᠭᠦᠳᠬᠦ ᠲᠥᠪ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠳᠠᠲᠤ ᠬᠦᠴᠦᠨ ᠲᠠᠰᠤᠷᠠᠯᠲᠠ ᠦᠭᠡᠢ ᠳᠡᠭᠡᠭᠰᠢᠯᠡᠵᠦ᠂ ᠵᠥᠩ ᠬᠤᠸᠠᠨ ᠯᠢᠩ ᠰᠢᠶᠠᠨ ᠤ ᠯᠧᠦ ᠵᠥᠩ ᠱᠢ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠴᠢᠳᠠᠪᠤᠷᠢᠲᠠᠨ ᠢᠶᠠᠷ ᠦᠨᠡᠯᠡᠭᠳᠡᠵᠦ᠂ ᠵᠥᠩ ᠬᠤᠸᠠᠨ ᠲᠠᠯᠠᠰᠲᠤ ᠪᠡᠶ᠎ᠡ ᠪᠠ ᠵᠥᠩ ᠬᠤᠸᠠᠨ ᠭᠡᠷᠡᠯᠴᠢ ᠴᠡᠨᠡᠭ ᠢ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠪᠦᠯᠭᠦᠮ ᠴᠦ ᠲᠣᠰ ᠲᠣᠰ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠦᠢᠯᠡᠰ ᠪᠣᠰᠬᠠᠬᠤ ᠪᠦᠯᠭᠦᠮ ᠢᠶᠠᠷ ᠰᠣᠩᠭᠤᠭᠳᠠᠪᠠ᠃      ᠤᠳᠤ ᠭᠦᠭᠡᠬᠤᠲᠠ ᠳᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 594᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 852᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 8᠂ ᠬᠤᠲᠠ ᠶᠢᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ 44 ᠪᠤᠶ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ + ᠠᠵᠤ ᠠᠬᠤᠶᠢᠯᠠᠯ︾ ᠤᠨ ᠦᠢᠯᠡᠴᠢᠯᠡᠭᠡᠨ ᠤ ᠵᠠᠭᠪᠤᠷ ᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠢᠯ ᠤᠨ ᠥᠷᠲᠡᠭᠡ 32 ᠪᠣᠯᠵᠤ᠂ ᠥᠷᠲᠡᠭᠡᠨ ᠳᠤ ᠣᠷᠣᠭᠰᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ 853 ᠪᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠡᠯᠪᠡᠷᠢ ᠶᠢᠨ ᠠᠵᠤ ᠠᠬᠤᠶᠢᠯᠠᠯ ᠤᠨ ︽ᠨᠢᠭᠡ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠬᠤ + ᠨᠢᠭᠡ ᠰᠢᠨ᠎ᠡ ᠶᠢ ᠡᠭᠦᠳᠬᠦ ᠪᠦᠯᠭᠦᠮ ᠨᠡᠶᠢᠲᠡ ᠶᠢ ᠬᠥᠮᠥᠵᠢᠭᠦᠯᠬᠦ︾ ᠬᠥᠭᠵᠢᠯᠲᠡ ᠶᠢᠨ ᠵᠠᠭᠪᠤᠷ ᠢ ᠪᠤᠶ ᠪᠤᠯᠭᠠᠬᠤ ᠳᠤ ᠬᠦᠴᠦᠨ ᠨᠡᠮᠡᠷᠢᠯᠡᠪᠡ᠃      2024 ᠣᠨ ᠤ 12 ᠰᠠᠷ᠎ᠠ ᠶᠢᠨ 26 ᠤ ᠡᠳᠦᠷ᠂ ᠭᠦᠭᠡᠬᠤᠲᠠ ︽ᠭᠦᠭᠡᠬᠤᠲᠠ ᠶᠢᠨ ᠴᠢᠳᠠᠪᠤᠷᠢᠲᠠᠨ ᠢᠶᠠᠷ ᠬᠤᠲᠠ ᠪᠠᠨ ᠬᠦᠴᠦᠷᠬᠡᠭᠵᠢᠭᠦᠯᠬᠦ 25 ᠵᠤᠷᠪᠤᠰ︾ ᠢ ᠵᠢᠩᠬᠢᠨᠢ ᠪᠠᠷ ᠨᠡᠶᠢᠲᠡᠯᠡᠭᠰᠡᠨ ᠪᠥᠭᠡᠳ ᠢᠵᠢ ᠪᠦᠷᠢᠳᠦᠭᠦᠯᠬᠦ ᠬᠡᠷᠡᠭᠵᠢᠭᠦᠯᠬᠦ ᠨᠠᠷᠢᠨ ᠳᠦᠷᠢᠮ ᠪᠠ ᠪᠣᠳᠠᠲᠠᠢ ᠭᠦᠢᠴᠡᠳᠬᠡᠬᠦ ᠳᠡᠰ ᠳᠠᠷᠠᠭᠠᠯᠠᠯ ᠢ ᠵᠠᠯᠭᠠᠭ᠎ᠠ ᠪᠠᠷ ᠨᠡᠶᠢᠲᠡᠯᠡᠪᠡ᠃ ᠭᠦᠭᠡᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠢᠳᠡᠪᠬᠢᠲᠡᠢ ᠬᠥᠳᠡᠯᠦᠯᠴᠡᠵᠦ᠂ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ ︽ᠦᠢᠯᠡᠴᠢᠯᠡᠭᠡ ᠬᠤᠭᠤᠰᠤᠨ ᠬᠦᠷᠢᠶ᠎ᠡ︾ᠪᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ︽ᠬᠠᠯᠠᠮᠰᠢᠯ ᠬᠦᠷᠢᠶ᠎ᠡ︾ ᠶᠢ ᠭᠦᠨᠵᠡᠭᠡᠢ ᠠᠭᠤᠳᠠᠯᠤᠨ᠂ ᠴᠢᠳᠠᠪᠤᠷᠢᠲᠠᠨ ᠤ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠲᠠᠪᠴᠠᠩ ᠤᠨ ᠬᠤᠶᠠᠳᠤᠭᠠᠷ ᠬᠤᠭᠤᠴᠠᠭᠠᠨ ᠤ ᠪᠠᠶᠢᠭᠤᠯᠤᠯᠲᠠ ᠶᠢ ᠠᠬᠢᠭᠤᠯᠪᠠ᠃ ᠳᠡᠭᠡᠳᠦ ᠲᠠᠰ ᠤᠨ ᠴᠢᠳᠠᠪᠤᠷᠢᠲᠠᠨ ᠢ ᠲᠥᠷᠥᠯ ᠬᠤᠪᠢᠶᠠᠨ ᠮᠠᠭᠠᠳᠯᠠᠨ ᠲᠣᠭᠲᠠᠭᠠᠬᠤ ᠶᠢ ᠠᠬᠢᠭᠤᠯᠵᠤ᠂ ᠠᠵᠢᠯᠯᠠᠭᠠᠨ ᠤ ᠵᠦᠭᠯᠡᠭᠦᠷ ᠨᠡᠶᠢᠲᠡᠯᠡᠨ᠂ ᠰᠦᠯᠵᠢᠶᠡᠨ ᠳᠡᠭᠡᠷ᠎ᠡ ᠭᠤᠶᠤᠴᠢᠯᠠᠬᠤ᠂ ᠰᠠᠯᠠᠭ᠎ᠠ ᠮᠥᠴᠢᠷ ᠠᠩᠬᠠᠨ ᠤ ᠬᠢᠨᠠᠯᠲᠠ ᠬᠢᠵᠦ ᠳᠠᠭᠢᠨ ᠬᠢᠨᠠᠬᠤ ᠲᠠᠰ ᠳᠠᠷᠠᠭᠠᠯᠠᠯ ᠢ ᠬᠡᠷᠡᠭᠵᠢᠭᠦᠯᠪᠡ᠃ ᠣᠷᠣᠨ ᠰᠠᠭᠤᠴᠠ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠳ᠋ᠣᠺᠲ᠋ᠣᠷᠠᠨᠲ᠂ ᠠᠰᠫᠢᠷᠠᠨᠲ᠂ ᠵᠢᠩᠬᠢᠨᠢ ᠠᠩᠭᠢ ᠶᠢᠨ ᠣᠶᠤᠲᠠᠨ᠂ ᠲᠤᠰᠬᠠᠢ ᠮᠡᠷᠭᠡᠵᠢᠯ ᠤᠨ ᠠᠩᠭᠢ ᠶᠢᠨ ᠰᠣᠷᠣᠬᠴᠢ ᠶᠢᠨ ᠣᠷᠣᠨ ᠰᠠᠭᠤᠴᠠ ᠬᠤᠳᠠᠯᠳᠤᠨ ᠠᠪᠬᠤ ᠳᠤ ᠲᠣᠰᠪᠦᠷᠢ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠪᠠ 2 ᠲᠦᠮᠡᠨ ᠲᠥᠭᠦᠷᠢᠭ ᠨᠥᠬᠦᠪᠦᠷᠢᠯᠡᠵᠦ᠂ ᠣᠷᠣᠨ ᠰᠠᠭᠤᠴᠠ ᠲᠦᠷᠢᠶᠡᠰᠦᠯᠡᠬᠦ ᠳᠤ 24 ᠰᠠᠷ᠎ᠠ ᠶᠢᠨ ᠳᠣᠲᠣᠷ᠎ᠠ ᠲᠣᠰ ᠲᠣᠰ ᠰᠠᠷ᠎ᠠ ᠪᠦᠷᠢ 1000 ᠲᠥᠭᠦᠷᠢᠭ᠂ 800 ᠲᠥᠭᠦᠷᠢᠭ᠂ 500 ᠲᠥᠭᠦᠷᠢᠭ ᠪᠠ 300 ᠲᠥᠭᠦᠷᠢᠭ ᠤᠨ ᠨᠥᠬᠦᠪᠦᠷᠢ ᠥᠭᠴᠦ ᠪᠤᠢ᠃ ᠡᠨᠡ ᠵᠢᠯ ᠤᠨ 2 ᠰᠠᠷ᠎ᠠ ᠶᠢᠨ ᠳᠤᠮᠳᠠᠴᠢ ᠪᠤᠯᠲᠠᠯ᠎ᠠ ᠨᠢᠭᠡᠨᠲᠡ 177 ᠬᠥᠮᠥᠨ ᠤᠳᠠᠭ᠎ᠠ ᠶᠢᠨ ᠭᠡᠷ ᠪᠠᠶᠢᠰᠢᠩ ᠬᠤᠳᠠᠯᠳᠤᠨ ᠠᠪᠬᠤ ᠨᠥᠬᠦᠪᠦᠷᠢ ᠶᠢᠨ ᠭᠤᠶᠤᠴᠢᠯᠠᠯ᠂ 78 ᠬᠥᠮᠥᠨ ᠤᠳᠠᠭ᠎ᠠ ᠶᠢᠨ ᠭᠡᠷ ᠪᠠᠶᠢᠰᠢᠩ ᠲᠦᠷᠢᠶᠡᠰᠦᠯᠡᠬᠦ ᠨᠥᠬᠦᠪᠦᠷᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ ᠵᠢᠱᠢᠯᠲᠡ ᠪᠠᠷ ᠵᠢᠯ ᠤᠨ ᠰᠡᠭᠦᠯᠴᠢ ᠪᠤᠯᠲᠠᠯ᠎ᠠ 1000 ᠣᠷᠴᠢᠮ ᠬᠥᠮᠥᠨ ᠳᠤ ᠨᠥᠬᠦᠪᠦᠷᠢ ᠣᠯᠭᠤᠬᠤ ᠪᠣᠯᠣᠨ᠎ᠠ᠃      ᠭᠦᠭᠡᠬᠤᠲᠠ ᠳᠦᠷᠢᠮ ᠤᠨ ᠰᠢᠨ᠎ᠡ ᠡᠭᠦᠳᠦᠯᠲᠡ ᠪᠠᠷ ᠴᠢᠳᠠᠪᠤᠷᠢᠲᠠᠨ ᠢ ᠴᠤᠭᠯᠠᠷᠠᠭᠤᠯᠤᠨ᠂ ᠴᠢᠳᠠᠪᠤᠷᠢᠲᠠᠨ ᠤ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠮᠡᠬᠡᠶᠢᠯᠡᠨ ᠤᠷᠤᠭᠰᠢᠯᠠᠵᠤ᠂ ᠴᠠᠭ ᠦᠶ᠎ᠡ ᠶᠢᠨ ᠬᠠᠮᠤᠭ ᠤᠨ ᠬᠦᠴᠦᠷᠬᠡᠭ ᠳᠠᠭᠤᠨ ᠢ ᠬᠠᠩᠭᠢᠨᠠᠭᠤᠯᠪᠠ᠃ ᠢᠷᠡᠭᠡᠳᠦᠢ ᠳᠤ ᠭᠦᠭᠡᠬᠤᠲᠠ ᠦᠷᠭᠦᠯᠵᠢᠯᠡᠨ ᠴᠢᠳᠠᠪᠤᠷᠢᠲᠠᠨ ᠢᠶᠠᠷ ᠬᠥᠳᠡᠯᠭᠡᠭᠦᠷ ᠪᠣᠯᠭᠠᠨ ᠬᠤᠲᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠠᠶᠠᠨ ᠳᠤ ᠲᠠᠰᠤᠷᠠᠯᠲᠠ ᠦᠭᠡᠢ ᠰᠢᠨ᠎ᠡ ᠥᠨᠳᠥᠷᠴᠡ ᠳᠤ ᠭᠠᠷᠴᠤ᠂ ᠨᠠᠩ ᠰᠠᠶᠢᠨ ᠰᠠᠶᠢᠬᠠᠨ ᠮᠠᠷᠭᠠᠰᠢ ᠲᠡᠶᠢᠰᠢ ᠡᠷᠡᠯᠬᠡᠭᠯᠡᠨ ᠤᠷᠤᠭᠰᠢᠯᠠᠬᠤ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ