︵ᠰᠤᠷᠪᠤᠯᠵᠢᠯᠠᠭᠴᠢ ᠯᠢᠦ ᠯᠢ ᠰᠢᠶᠠ︶ ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠣᠶᠢᠷ᠎ᠠ ᠶᠢᠨ ᠡᠳᠦᠷ᠂ ᠬᠥᠬᠡᠬᠤᠲᠠ ᠶᠢᠨ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠨᠢ ᠬᠥᠬᠡᠬᠤᠲᠠ ᠶᠢᠨ ᠲᠣᠮᠣ ᠳ᠋ᠡᠶᠢᠲ᠋ᠠ ᠶᠢᠨ ᠬᠠᠮᠢᠶᠠᠷᠤᠯᠲᠠ ᠶᠢᠨ | ᠲᠣᠪᠴᠢᠶ᠎ᠠ ᠲᠠᠢ ᠢᠳᠡᠪᠬᠢᠲᠡᠢ ᠵᠣᠯᠭᠠᠵᠤ᠂ DeepSeek ᠶᠡᠭᠡ ᠵᠠᠭᠪᠤᠷ ᠪᠣᠯᠤᠨ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠰᠣᠯᠢᠯᠴᠠᠭᠠᠨ ᠤ ᠲᠠᠪᠴᠠᠩ ᠤᠨ ᠲᠤᠭ᠎ᠠ ᠪᠠᠷᠢᠮᠲᠠ ᠶᠢᠨ ᠵᠤᠯᠭᠠᠯᠴᠠᠭ᠎ᠠ ᠶᠢ ᠠᠩᠬ᠎ᠠ ᠠᠯᠬᠤᠮ ᠪᠡᠶᠡᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠦᠷᠢᠶᠡᠨ ᠳᠤ ᠬᠢᠮᠡᠯ ᠣᠶᠤᠨ ᠤ ᠲᠣᠮᠣ ᠵᠠᠭᠪᠤᠷ ᠤᠨ ᠬᠡᠷᠡᠭᠯᠡᠯᠲᠡ ᠶᠢ ᠲᠡᠷᠢᠭᠦᠯᠡᠨ | ᠬᠡᠷᠡᠭᠵᠢᠭᠦᠯᠵᠦ᠂ ︽DeepSeek+ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ︾ ᠶᠢᠨ ᠰᠢᠨ᠎ᠡ ᠬᠠᠭᠤᠳᠠᠰᠤ ᠶᠢ ᠰᠡᠬᠦᠪᠡ᠃ | ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠨ ᠬᠠᠮᠢᠶᠠᠷᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠠᠪᠴᠠᠩ ᠳᠤ AI ᠣᠶᠣᠨᠴᠢ ᠦᠢᠯᠡᠴᠢᠯᠡᠭᠴᠢ ᠶᠢ ᠪᠠᠶᠢᠷᠢᠯᠠᠭᠤᠯᠵᠤ᠂ ᠪᠦᠬᠦᠯᠢ ᠡᠳᠦᠷ ᠢᠶᠠᠷ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ | ᠡᠯ᠎ᠡ ᠠᠷᠠᠯᠵᠢᠶᠠᠨ ᠤ ᠭᠤᠣᠯ ᠴᠣᠭᠴᠠ ᠳᠤ ᠠᠷᠠᠯᠵᠢᠶᠠᠨ ᠤ ᠵᠥᠪᠯᠡᠯᠭᠡ ᠥᠭᠬᠦ᠂ ᠳᠠᠭᠠᠭᠠᠴᠢᠯᠠᠯᠲᠠ ᠬᠦᠯᠢᠶᠡᠬᠦ ᠮᠠᠳᠠᠭ ᠲᠠᠢ ᠠᠰᠠᠭᠤᠳᠠᠯ ᠢ ᠬᠠᠷᠢᠭᠤᠯᠬᠤ᠂ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠲᠠᠯ᠎ᠠ ᠪᠠᠷ ᠲᠦᠷᠭᠡᠨ ᠲᠤᠰᠬᠠᠯ ᠭᠠᠷᠭᠠᠬᠤ᠂ ᠭᠦᠨᠵᠡᠭᠡᠶ ᠵᠠᠳᠠᠯᠤᠯᠲᠠ ᠬᠢᠵᠦ ᠴᠢᠨᠠᠷ ᠰᠠᠶᠢᠲᠠᠶ | ᠦᠢᠯᠡᠴᠢᠯᠡᠭᠡ ᠬᠠᠩᠭᠠᠬᠤ ᠶᠢ ᠠᠬᠢᠭᠤᠯᠵᠤ᠂ ᠬᠥᠮᠦᠨ ᠤ ᠬᠦᠴᠦ ᠠᠴᠠ AI ᠪᠠᠷ ᠬᠠᠷᠢᠭᠤᠯᠲᠠ ᠥᠭᠬᠦ ᠳᠠᠪᠰᠢᠯᠲᠠ ᠶᠢ ᠪᠡᠶᠡᠯᠡᠭᠦᠯᠪᠡ᠃ | DeepSeek ᠶᠡᠭᠡ ᠵᠠᠭᠪᠤᠷ ᠢ ᠲᠠᠲᠠᠨ ᠣᠷᠣᠭᠤᠯᠤᠭᠰᠠᠨ ᠨᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ | ᠬᠦᠷᠢᠶ᠎ᠡ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠭᠰᠡᠨ ᠬᠦᠴᠦᠲᠡᠢ ᠠᠷᠭ᠎ᠠ ᠬᠡᠮᠵᠢᠶ᠎ᠡ ᠪᠣᠯᠤᠨ᠎ᠠ᠃ ᠬᠢᠮᠡᠯ ᠤᠶᠤᠨ ᠮᠡᠷᠭᠡᠵᠢᠯ ᠤᠨ | ᠭᠦᠨᠵᠡᠭᠡᠶ ᠬᠡᠷᠡᠭᠯᠡᠯᠲᠡ ᠪᠠᠷ ᠳᠠᠮᠵᠢᠭᠤᠯᠤᠨ᠂ ᠠᠷᠠᠯᠵᠢᠶᠠᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠯᠵᠢᠶᠠᠨ ᠤ ᠥᠪᠡᠷ ᠤᠨ | ᠥᠷᠲᠡᠭ ᠢ ᠪᠠᠭᠤᠷᠠᠭᠤᠯᠤᠨ᠂ ᠠᠷᠠᠯᠵᠢᠶ᠎ᠠ ᠶᠢ ᠨᠡᠩ ᠢᠯᠡ ᠲᠣᠳᠣ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠨᠡᠩ ᠡᠷᠬᠡ ᠲᠡᠭᠰᠢ᠂ ᠲᠥᠪ | ᠭᠤᠣᠯᠴᠢ᠂ ᠢᠯᠡ ᠲᠣᠳᠣ ᠠᠷᠠᠯᠵᠢᠶᠠᠨ ᠤ ᠣᠷᠴᠢᠨ ᠨᠥᠬᠦᠴᠡᠯ ᠢ ᠬᠠᠩᠭᠠᠨ᠎ᠠ᠃ ᠡᠭᠦᠨ ᠤ ᠬᠠᠮᠲᠤ᠂ AI ᠣᠶᠣᠨᠴᠢ ᠦᠢᠯᠡᠴᠢᠯᠡᠭᠴᠢ ᠨᠢ ᠠᠷᠠᠯᠵᠢᠶᠠᠨ ᠤ | ᠭᠤᠤᠯ ᠴᠣᠭᠴᠠ ᠶᠢᠨ ᠦᠢᠯᠡᠴᠢᠯᠡᠭᠡᠨ ᠤ ᠣᠶᠢᠯᠠᠭᠠᠯᠲᠠ ᠶᠢ ᠮᠠᠰᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠠᠪᠰᠤᠷᠤᠨ ᠠᠷᠠᠯᠵᠢᠶᠠᠨ ᠤ | ᠶᠠᠪᠤᠴᠠ ᠳᠠᠬᠢ ᠡᠯ᠎ᠡ ᠲᠥᠷᠥᠯ ᠤᠨ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠶᠢ | ᠨᠠᠩ ᠴᠢᠨᠠᠷ ᠰᠠᠶᠢᠲᠠᠶ᠂ ᠨᠠᠩ ᠥᠨᠳᠥᠷ ᠦᠷ᠎ᠡ ᠪᠦᠲᠦᠮᠵᠢ ᠲᠠᠢ ᠲᠡᠶᠢᠰᠢ ᠬᠥᠭᠵᠢᠭᠦᠯᠬᠦ ᠶᠢ ᠠᠬᠢᠭᠤᠯᠬᠤ ᠪᠣᠯᠤᠨ᠎ᠠ᠃ | ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠨ ᠬᠠᠮᠢᠶᠠᠷᠤᠯᠲᠠ ᠶᠢᠨ ᠲᠣᠪᠴᠢᠶ᠎ᠠ DeepSeek ᠶᠢᠨ | ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠢᠷᠡᠭᠦᠯᠵᠦ᠂ ᠲᠣᠮᠣ ᠵᠠᠭᠪᠤᠷ ᠤᠨ ᠲᠣᠬᠢᠷᠠᠭᠤᠯᠤᠯᠲᠠ ᠶᠢᠨ ᠪᠣᠯᠪᠠᠰᠤᠷᠠᠯ ᠢᠶᠠᠷ ᠳᠠᠮᠵᠢᠨ᠂ ᠣᠯᠠᠨ ᠨᠡᠶᠢᠲᠡ ᠶᠢᠨ ᠡᠬᠢ | ᠪᠠᠶᠠᠯᠢᠭ ᠤᠨ ᠠᠷᠠᠯᠵᠢᠶ᠎ᠠ ᠶᠢᠨ ᠦᠢᠯᠡᠴᠢᠯᠡᠭᠡ ᠪᠠ ᠬᠢᠨᠠᠯᠲᠠ ᠬᠠᠮᠢᠶᠠᠷᠤᠯᠲᠠ ᠶᠢᠨ ᠣᠶᠤᠨᠴᠢᠯᠠᠭᠰᠠᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠪᠣᠯᠣᠨ᠎ᠠ᠃ | |