ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠢ ᠬᠢᠨᠠᠨ ᠦᠵᠡᠬᠦ ᠶᠢᠨ ᠬᠠᠮᠳᠤ ᠴᠢᠬᠤᠯᠠ ᠱᠠᠭᠠᠷᠳᠠᠯᠭ᠎ᠠ ᠳᠤᠷᠠᠳᠴᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠵᠦ ᠬᠦᠴᠢᠷ ᠢ ᠲᠤᠭᠤᠯᠤᠨ ᠪᠡᠷᠬᠡ ᠶᠢ ᠳᠠᠪᠠᠵᠤ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ | ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ | ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 26 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠵᠤ᠂ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠭᠡᠰᠢᠭᠦᠨ᠂ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ᠂ ᠪᠦᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ | ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠯ ᠪᠦᠷᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠳᠤ ᠪᠢᠴᠢᠭ ᠤᠨ | ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠳᠡᠭ᠃ ᠤᠢᠢᠷ᠎ᠠ ᠶᠢᠨ ᠬᠤᠭᠤᠴᠠᠭᠠᠨ ᠳᠤ ᠬᠤᠯᠪᠣᠭᠳᠠᠯ ᠪᠦᠬᠦᠢ ᠨᠥᠬᠦᠳ ᠲᠣᠭᠲᠠᠭᠠᠯ ᠶᠣᠰᠣᠭᠠᠷ 2024 ᠣᠨ ᠤ | ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠳᠤ ᠪᠢᠴᠢᠭ ᠤᠨ ᠬᠡᠯᠪᠡᠷᠢ ᠪᠠᠷ ᠲᠤᠰᠢᠶᠠᠯ ᠤᠨ ᠮᠡᠳᠡᠭᠦᠯᠦᠯᠲᠡ ᠬᠢᠪᠡ᠃ | ᠰᠢ ᠶᠢᠨ ᠫᠢᠩ ᠲᠤᠰᠢᠶᠠᠯ ᠤᠨ ᠮᠡᠳᠡᠭᠦᠯᠦᠯᠲᠡ ᠶᠢ ᠨᠠᠷᠢᠨ ᠬᠢᠨᠠᠮᠠᠭᠠᠶ ᠬᠢᠨᠠᠨ ᠦᠵᠡᠭᠰᠡᠨ ᠪᠥᠭᠡᠳ ᠴᠢᠬᠤᠯᠠ ᠱᠠᠭᠠᠷᠳᠠᠯᠭ᠎ᠠ ᠳᠤᠷᠠᠳᠴᠤ᠂ ᠡᠨᠡ ᠵᠢᠯ ᠪᠣᠯ ︽ | ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ ᠵᠢᠯ ᠮᠥᠨ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠨᠦᠰᠡᠷ ᠬᠦᠨᠳᠦ ᠪᠠᠶᠢᠨ᠎ᠠ᠃ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠶᠡᠭᠡ ᠪᠣᠳᠣᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ | ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠰᠠᠶᠢᠬᠠᠨ ᠡᠬᠢᠯᠡᠯᠲᠡ ᠶᠢ | ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠶ᠃ ᠤᠯᠤᠰ ᠲᠥᠷᠥ ᠶᠢᠨ ᠴᠢᠳᠠᠪᠤᠷᠢ ᠪᠠᠨ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ | ᠪᠠᠶᠢᠳᠠᠯ ᠤᠨ ᠬᠤᠪᠢᠷᠠᠯᠲᠠ ᠠᠴᠠ ᠪᠣᠯᠤᠭᠰᠠᠨ ᠥᠷᠢᠰᠥᠯᠳᠦᠭᠡᠨ ᠢ ᠯᠠᠪᠳᠠᠭᠤᠨ ᠢᠶᠠᠷ ᠠᠷᠭᠠᠴᠠᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠦᠪ ᠣᠨᠣᠪᠴᠢᠲᠠᠶ ᠪᠥᠬᠦ ᠲᠠᠯ᠎ᠠ ᠪᠠᠷ | ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠥᠷᠭᠡᠳᠭᠡᠵᠦ᠂ ᠠᠵᠤ | ᠠᠬᠤᠶ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠵᠡᠯ ᠰᠠᠨᠠᠭᠠᠨ ᠤ ᠤᠬᠠᠮᠰᠠᠷ ᠢᠶᠠᠨ ᠳᠡᠭᠡᠭᠰᠢᠯᠡᠭᠦᠯᠦᠨ | ᠂ ᠵᠠᠰᠠᠭ ᠤᠨ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠨ᠂ | ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠢ ᠬᠠᠮᠢᠶᠠᠷᠴᠤ | ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠭᠡᠬᠦ ᠬᠡᠷᠡᠭᠲᠡᠢ᠃ ᠲᠤᠰ ᠪᠡᠶ᠎ᠡ ᠶᠢᠨ ᠲᠤᠰᠢᠶᠠᠯ ᠬᠠᠷᠢᠭᠤᠴᠠᠯᠭ᠎ᠠ ᠳᠠᠭᠠᠨ | ᠰᠠᠭᠤᠷᠢᠯᠠᠵᠤ᠂ ᠠᠵᠢᠯ ᠬᠢᠬᠦ ᠶᠢ ᠲᠡᠷᠢᠭᠦᠨ ᠳᠤ ᠲᠠᠯᠪᠢᠬᠤ ᠶᠢ ᠪᠠᠷᠢᠮᠳᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠤ᠂ ᠬᠦᠴᠢᠷ ᠢ ᠲᠤᠭᠤᠯᠤᠨ ᠪᠡᠷᠬᠡ ᠶᠢ | ᠳᠠᠪᠠᠵᠤ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠰᠢᠨ᠎ᠡ ᠬᠠᠷᠢᠭᠤᠴᠠᠯᠭ᠎ᠠ ᠡᠭᠦᠷᠭᠡᠯᠡᠯ ᠰᠢᠨ᠎ᠡ ᠵᠢᠳᠬᠦᠯ | ᠴᠢᠷᠮᠠᠶᠢᠯᠭ᠎ᠠ ᠪᠠᠨ ᠢᠯᠡᠷᠡᠬᠦᠯᠬᠦ ᠬᠡᠷᠡᠭᠲᠡᠢ ᠭᠡᠵᠤ ᠴᠢᠬᠤᠯᠠᠴᠢᠯᠠᠪᠠ᠃ | |