ᠪᠣᠣ ᠭᠠᠩ ᠾᠧ ᠬᠠᠢ ᠳ᠋ᠦᠩ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠩᠬᠢ ᠶᠢᠨ ᠳᠠᠷᠤᠭ᠎ᠠ ᠸᠠᠩ ᡁᠢ ᠾᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/28
      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠩᠬᠢ ᠶᠢᠨ ᠳᠠᠷᠤᠭ᠎ᠠ ᠸᠠᠩ ᡁᠢ ᠾᠧᠩ ᠲᠠᠢ ᠠᠭᠤᠯᠵᠠᠪᠠ᠃      ᠪᠣᠣ ᠭᠠᠩ ᠸᠠᠩ ᡁᠢ ᠾᠧᠩ ᠨᠡᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠣᠷᠣᠨ ᠤ ᠲᠥᠪ ᠬᠤᠲᠠ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠳ᠋ᠠᠶᠢᠲ᠋ᠠ ᠶᠢᠨ ᠲᠥᠪ ᠬᠥᠬᠡᠬᠤᠲᠠ ᠳᠠᠬᠢ ᠪᠥᠲᠥᠭᠡᠨ ᠪᠠᠶᠢᠭᠤᠯᠤᠯᠲᠠ ᠤᠷᠤᠭᠰᠢᠲᠠᠶ ᠶᠠᠪᠤᠭᠳᠠᠵᠤ᠂ ᠬᠥᠲᠥᠯᠥᠨ ᠳᠠᠭᠠᠭᠤᠯᠬᠤ ᠴᠢᠬᠤᠯᠠ ᠦᠢᠯᠡᠳᠦᠯ ᠦᠵᠡᠭᠦᠯᠪᠡ᠃ ᠲᠠᠷᠢᠶᠠᠯᠠᠩ ᠤᠨ ᠪᠠᠩᠬᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠠᠵᠤ ᠦᠢᠯᠡᠰ ᠤᠨ ᠳᠡᠰ ᠳᠡᠪᠰᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠵᠡᠷᠭᠡ ᠲᠠᠯ᠎ᠠ ᠶᠢᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠪᠠᠩᠬᠢ ᠶᠢᠨ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠳᠤᠮᠳᠠ ᠣᠷᠣᠨ ᠤ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠡᠢ᠃      ᠸᠠᠩ ᡁᠢ ᠾᠧᠩ ᠬᠡᠯᠡᠬᠦ ᠳᠡᠭᠡᠨ᠂ ᠶᠡᠷᠦᠩᠬᠡᠢ ᠪᠠᠩᠬᠢ ᠶᠢᠨ ᠲᠥᠷᠥᠯ ᠵᠦᠢᠯ ᠢ ᠤᠷᠤᠭᠰᠢᠲᠠᠢ ᠠᠬᠢᠭᠤᠯᠬᠤ ᠪᠠ ᠬᠠᠷᠢᠶ᠎ᠠ ᠭᠠᠵᠠᠷ ᠤᠨ ᠲᠤᠬᠠᠶᠢᠯᠠᠭᠰᠠᠨ ᠠᠵᠢᠯ ᠢ ᠦᠷᠭᠦᠯᠵᠢᠯᠡᠨ ᠥᠷᠭᠡᠳᠬᠡᠬᠦ ᠨᠢ ᠣᠷᠣᠨ ᠤ ᠲᠥᠪ ᠬᠤᠲᠠ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠪᠠ ᠰᠠᠶᠢᠨ ᠰᠠᠶᠢᠬᠠᠨ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠨᠦᠬᠦᠴᠡᠯ ᠠᠴᠠ ᠪᠣᠯᠤᠭᠰᠠᠨ ᠶᠤᠮ᠃ ᠲᠠᠷᠢᠶᠠᠯᠠᠩ ᠤᠨ ᠪᠠᠩᠬᠢ ᠣᠷᠣᠨ ᠤ ᠲᠥᠪ ᠬᠤᠲᠠ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠭᠤᠤᠯᠳᠠᠯᠭ᠎ᠠ ᠲᠠᠢ ᠬᠦᠷᠢᠶᠡᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠣᠯᠠᠨ ᠮᠥᠩᠭᠦᠨ ᠭᠦᠢᠯᠭᠡᠭᠡᠨ ᠤ ᠠᠮᠢᠵᠢᠷᠠᠯ ᠤᠨ ᠬᠦᠴᠦᠨ ᠨᠡᠮᠡᠷᠢᠯᠡᠨ᠎ᠡ ᠭᠡᠪᠡ᠃      ᠯᠢᠦ ᠵᠢᠢ ᠶᠢᠩ᠂ ᠼᠤᠤ ᡁᠢ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ