ᠪᠣᠣ ᠭᠠᠩ ᠾᠧ ᠬᠠᠢ ᠳ᠋ᠦᠩ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠩᠬᠢ ᠶᠢᠨ ᠳᠠᠷᠤᠭ᠎ᠠ ᠯᠢᠦ ᠵᠢᠶᠦ᠋ᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2025/2/28
      ︵ᠰᠤᠷᠪᠤᠯᠵᠢᠯᠠᠭᠴᠢ ᠶᠦᠨ ᠵᠢᠩ︶ 2 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠳᠤᠮᠳᠠᠳᠤ ᠤᠯᠤᠰ ᠤᠨ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠪᠠᠩᠬᠢ ᠶᠢᠨ ᠳᠠᠷᠤᠭ᠎ᠠ ᠯᠢᠦ ᠵᠢᠶᠦ᠋ᠨ ᠲᠠᠢ ᠠᠭᠤᠯᠵᠠᠪᠠ᠃      ᠪᠣᠣ ᠭᠠᠩ ᠯᠢᠦ ᠵᠢᠶᠦ᠋ᠨ ᠨᠠᠷ ᠤᠨ ᠬᠥᠬᠡᠬᠤᠲᠠ ᠳᠤ ᠰᠢᠨᠵᠢᠯᠡᠨ ᠪᠠᠶᠢᠴᠠᠭᠠᠬᠤ ᠶᠢ ᠪᠠᠶᠠᠷᠯᠠᠨ ᠤᠭᠲᠤᠵᠤ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠣᠷᠣᠨ ᠤ ᠲᠥᠪ ᠬᠤᠲᠠ ᠶᠢᠨ ᠠᠵᠤ ᠦᠢᠯᠡᠰ ᠤᠨ ᠬᠥᠭᠵᠢᠯᠲᠡ᠂ ᠬᠤᠳᠠ ᠶᠢᠨ ᠪᠦᠳᠦᠭᠡᠨ ᠪᠠᠶᠢᠭᠤᠯᠤᠯᠲᠠ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠣᠶᠢᠷ᠎ᠠ ᠶᠢᠨ ᠵᠢᠯ ᠳᠤ᠂ ᠬᠥᠬᠡᠬᠤᠲᠠ ᠤᠯᠤᠰ ᠤᠨ ︽ᠵᠡᠭᠦᠨ ᠤ ᠲᠤᠭ᠎ᠠ ᠶᠢ ᠪᠠᠷᠠᠭᠤᠨ ᠳᠤ ᠪᠤᠳᠤᠬᠤ︾ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠠ ᠲᠣᠬᠢᠶᠠᠯ ᠢ ᠠᠮᠵᠢᠵᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠲᠦᠰᠢᠭᠯᠡᠨ ᠪᠣᠬᠢᠷᠲᠤᠯ ᠦᠭᠡᠢ ᠪᠤᠳᠤᠯᠭ᠎ᠠ ᠶᠢᠨ ᠬᠦᠴᠦᠨ ᠪᠠ ᠬᠢᠮᠡᠯ ᠤᠶᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠮᠥᠩᠭᠦᠨ ᠭᠦᠢᠯᠭᠡᠭᠡᠨ ᠤ ᠲᠤᠭ᠎ᠠ ᠪᠠᠷᠢᠮᠲᠠ ᠶᠢᠨ ᠠᠵᠤ ᠦᠢᠯᠡᠰ ᠤᠨ ᠬᠦᠷᠢᠶᠡᠯᠡᠩ ᠢ ᠢᠳᠡᠪᠬᠢᠲᠡᠢ ᠪᠠᠶᠢᠭᠤᠯᠵᠤ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ ᠶᠢᠨ ᠲᠥᠪᠯᠡᠷᠡᠯ ᠤᠨ ᠦᠢᠯᠡᠳᠦᠯ ᠦᠷᠭᠦᠯᠵᠢᠯᠡᠨ ᠢᠯᠡᠷᠡᠪᠡ᠃ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠬᠢᠨ ᠬᠥᠬᠡᠬᠤᠲᠠ ᠳᠠᠬᠢ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠪᠣᠯᠣᠨ ᠡᠬᠢ ᠪᠠᠶᠠᠯᠢᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠳ᠋ᠠᠶᠢᠲ᠋ᠠ ᠶᠢᠨ ᠲᠥᠪ ᠤᠨ ᠡᠷᠲᠡᠬᠡᠨ ᠬᠥᠬᠡᠬᠤᠲᠠ ᠳᠤ ᠰᠠᠭᠤᠷᠢᠰᠢᠬᠤ ᠶᠢ ᠠᠬᠢᠭᠤᠯᠬᠤ ᠶᠢᠨ ᠬᠠᠮᠲᠤ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠴᠦ᠂ ᠪᠣᠳᠠᠲᠤ ᠴᠣᠭᠴᠠ ᠶᠢᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯᠣᠨ ᠳᠤᠮᠳᠠ ᠪᠠᠭ᠎ᠠ ᠪᠢᠴᠢᠯ ᠠᠵᠤ ᠠᠬᠤᠶᠢᠯᠠᠯ ᠳᠤ ᠨᠡᠩ ᠰᠠᠶᠢᠲᠤᠷ ᠦᠢᠯᠡᠴᠢᠯᠡᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠡᠢ᠃      ᠯᠢᠦ ᠵᠢᠶᠦ᠋ᠨ ᠬᠡᠯᠡᠬᠦ ᠳᠡᠭᠡᠨ᠂ ᠲᠤᠬᠠᠢ ᠶᠢᠨ ᠭᠠᠵᠠᠷ ᠲᠤ ᠰᠢᠨᠵᠢᠯᠡᠨ ᠪᠠᠶᠢᠴᠠᠭᠠᠬᠤ ᠪᠠᠷ ᠳᠡᠮᠵᠢᠨ᠂ ᠤᠷᠤᠨ ᠤ ᠲᠥᠪ ᠬᠤᠲᠠ ᠶᠢᠨ ᠬᠤᠲᠠ ᠶᠢᠨ ᠬᠥᠭᠵᠢᠯᠲᠡ ᠶᠢ ᠲᠥᠯᠥᠪᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠷᠠᠴᠠ ᠪᠠ ᠠᠵᠤ ᠦᠢᠯᠡᠰ ᠤᠨ ᠪᠠᠶᠢᠷᠢᠰᠢᠯ ᠤᠨ ᠤᠷᠢᠳᠴᠢᠯᠠᠭᠰᠠᠨ ᠪᠤᠶᠢᠵᠢᠭᠤᠯᠤᠯᠲᠠ ᠶᠢ ᠤᠶᠢᠯᠠᠭᠠᠵᠤ᠂ ᠨᠢᠭᠡᠨ ᠰᠠᠶᠢᠨ ᠰᠠᠶᠢᠬᠠᠨ ᠳᠦᠷᠢ ᠲᠥᠷᠬᠦ ᠲᠠᠢ ᠪᠥᠭᠡᠳ ᠪᠣᠳᠠᠲᠤ ᠬᠦᠴᠦᠨ ᠲᠠᠢ ᠬᠥᠬᠡᠬᠤᠲᠠ ᠶᠢ ᠣᠯᠵᠤ ᠬᠠᠷᠠᠵᠠᠢ᠃ ᠦᠢᠯᠡᠳᠪᠦᠷᠢ ᠬᠤᠳᠠᠯᠳᠤᠭᠠᠨ ᠤ ᠪᠠᠩᠬᠢ ᠨᠢ ᠣᠷᠣᠨ ᠤ ᠲᠥᠪ ᠬᠤᠲᠠ ᠶᠢᠨ ᠠᠵᠤ ᠦᠢᠯᠡᠰ ᠤᠨ ᠪᠤᠶᠢᠵᠢᠭᠤᠯᠤᠯᠲᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ ᠬᠦᠭᠵᠢᠭᠦᠯᠦᠯᠲᠡ ᠵᠡᠷᠭᠡ ᠬᠦᠷᠢᠶᠡᠨ ᠤ ᠮᠥᠩᠭᠦᠨ ᠭᠦᠢᠯᠭᠡᠭᠡᠨ ᠤ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡ᠂ ᠪᠣᠬᠢᠷᠳᠤᠯ ᠦᠭᠡᠢ ᠮᠥᠩᠭᠦᠨ ᠭᠦᠢᠯᠭᠡᠭᠡ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠨᠠᠰᠤᠵᠢᠯ ᠤᠨ ᠠᠰᠠᠷᠠᠮᠵᠢ ᠶᠢᠨ ᠮᠥᠩᠭᠦᠨ ᠭᠦᠢᠯᠭᠡᠭᠡ᠂ ᠲᠣᠭᠠᠴᠢᠯᠠᠭᠰᠠᠨ ᠮᠥᠩᠭᠦᠨ ᠭᠦᠢᠯᠭᠡᠭᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠵᠠᠰᠠᠭ ᠪᠠᠩᠬᠢ ᠶᠢᠨ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠶᠢ ᠲᠠᠰᠤᠷᠠᠯᠲᠠ ᠦᠭᠡᠢ ᠥᠷᠭᠡᠳᠬᠡᠵᠦ᠂ ᠣᠷᠣᠨ ᠤ ᠲᠥᠪ ᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠲᠦᠷᠭᠡᠳᠭᠡᠨ ᠪᠠᠶᠢᠭᠤᠯᠬᠤ ᠳᠤ ᠳᠡᠮᠵᠢᠯᠭᠡ ᠦᠵᠡᠭᠦᠯᠦᠨ᠎ᠡ ᠭᠡᠪᠡ᠃      ᠠᠭᠤᠯᠵᠠᠯᠲᠠ ᠠᠴᠠ ᠡᠮᠦᠨ᠎ᠡ᠂ ᠯᠢᠦ ᠵᠢᠶᠦ᠋ᠨ ᠨᠡᠷ ᠪᠠᠰᠠ ᠬᠤᠷᠢᠨᠭᠡᠷ ᠮᠥᠩᠭᠦᠨ ᠭᠦᠢᠯᠭᠡᠭᠡᠨ ᠤ ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃      ᠯᠢᠦ ᠵᠢᠢ ᠶᠢᠩ᠂ ᠼᠤᠤ ᡁᠢ ᠣᠷᠣᠯᠴᠠᠪᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ