ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠶᠢᠨ ᠵᠢᠷᠤᠮᠵᠢᠬᠰᠠᠨ | ᠬᠠᠮᠢᠶᠠᠷᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠤᠷᠠᠯᠢᠭ ᠤᠨ ᠲᠥᠷᠥᠯ ᠤᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠭᠠᠵᠠᠷ ᠤᠨ ᠠᠮᠤᠷ | ᠲᠦᠪᠰᠢᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠵᠤ᠂ ᠰᠣᠷᠣᠬᠴᠢ ᠵᠢᠴᠢ ᠭᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ | ᠲᠥᠯᠥᠭᠡ᠂ ᠲᠦᠷᠦᠭᠦᠬᠡᠨ ᠭᠦᠭᠡᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠬᠠᠮᠲᠤᠷᠠᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ | ᠲᠣᠭᠤᠷᠢᠨ ᠪᠠᠶᠢᠴᠠᠭᠠᠯᠲᠠ ᠬᠢᠪᠡ᠃ | ᠲᠣᠭᠤᠷᠢᠨ ᠪᠠᠶᠢᠴᠠᠭᠠᠬᠤ ᠶᠠᠪᠤᠴᠠ ᠳᠤ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠪᠣᠯᠪᠠᠰᠤᠷᠠᠯ ᠤᠨ ᠪᠠᠶᠢᠭᠤᠯᠤᠮᠵᠢ ᠶᠢᠨ ᠡᠵᠡᠩᠨᠡᠯᠲᠡ ᠶᠢᠨ | ᠠᠵᠢᠯᠯᠠᠭ᠎ᠠ ᠶᠢᠨ ᠵᠢᠷᠤᠮᠵᠢᠬᠰᠠᠨ ᠡᠰᠡᠬᠦ᠂ ᠪᠣᠯᠪᠠᠰᠤᠷᠠᠯ ᠬᠦᠷᠲᠡᠭᠡᠬᠦ ᠭᠡᠷ᠎ᠡ ᠲᠣᠭᠲᠠᠭᠰᠠᠨ ᠡᠰᠡᠬᠦ᠂ ᠱᠠᠭᠠᠷᠳᠠᠯᠭ᠎ᠠ ᠶᠣᠰᠣᠭᠠᠷ ᠵᠠᠷᠯᠠᠨ ᠨᠡᠶᠢᠲᠡᠯᠡᠭᠰᠡᠨ ᠡᠰᠡᠬᠦ᠂ ᠠᠮᠤᠷ | ᠲᠦᠪᠰᠢᠨ ᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠠᠭᠤᠯᠭ᠎ᠠ ᠶᠢ ᠲᠣᠰ ᠲᠣᠰ ᠪᠠᠶᠢᠴᠠᠭᠠᠪᠠ᠃ ᠨᠢᠭᠤᠷᠲᠠᠨ ᠯᠠᠪᠯᠠᠨ ᠠᠰᠠᠭᠤᠬᠤ᠂ | ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠬᠤ᠂ ᠮᠠᠲ᠋ᠧᠷᠢᠶᠠᠯ ᠢ ᠤᠷᠪᠠᠭᠤᠯᠤᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠨᠠᠷᠢᠨ ᠨᠢᠮᠪᠠᠢ ᠵᠢᠭᠰᠠᠭᠠᠨ | ᠪᠠᠶᠢᠴᠠᠭᠠᠬᠤ ᠶᠢᠨ ᠬᠠᠮᠲᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠳᠤ ︽ᠬᠤᠶᠠᠷ ᠢ ᠬᠥᠩᠭᠡᠷᠡᠭᠦᠯᠬᠦ︾ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠥᠮᠦᠵᠢᠯ ᠬᠢᠵᠦ᠂ ᠡᠷᠬᠡᠪᠰᠢ ᠦᠨᠡᠮᠯᠡᠯ ᠲᠠᠢ ᠪᠠᠷ ᠰᠤᠷᠭᠠᠭᠤᠯᠢ ᠡᠷᠭᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ | ᠠᠮᠤᠷ ᠲᠦᠪᠰᠢᠨ ᠤ ᠥᠪᠡᠷ ᠤᠨ ᠪᠠᠶᠢᠴᠠᠭᠠᠯᠲᠠ ᠶᠢ ᠥᠷᠨᠢᠭᠦᠯᠦᠨ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ ᠲᠡᠷᠡᠴᠢᠯᠡᠨ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠢᠶᠠᠷ ᠭᠠᠷᠬᠤ ᠡᠭᠦᠳᠡ ᠶᠢᠨ ᠲᠡᠮᠳᠡᠭ ᠨᠢ ᠭᠡᠷᠡᠯᠲᠦᠭᠦ ᠦᠭᠡᠢ᠂ | ᠪᠠᠴᠢᠮ ᠪᠠᠶᠢᠳᠠᠯ ᠢ ᠠᠷᠭᠠᠴᠠᠭᠠᠬᠤ ᠳ᠋ᠧᠩ ᠲᠤᠲᠠᠭᠳᠠᠵᠤ ᠪᠠᠶᠢᠬᠤ᠂ ᠠᠮᠤᠷ ᠲᠦᠪᠰᠢᠨ ᠤ ᠵᠢᠭᠠᠯᠲᠠ ᠲᠡᠮᠳᠡᠭ ᠲᠤᠲᠠᠭᠳᠠᠵᠤ ᠪᠠᠶᠢᠬᠤ᠂ ᠭᠠᠯ ᠰᠡᠷᠭᠡᠶᠢᠯᠡᠵᠦ ᠭᠠᠯ | ᠤᠨᠲᠠᠷᠠᠭᠠᠬᠤ ᠵᠠᠮ ᠳᠡᠭᠡᠷ᠎ᠡ ᠰᠠᠭᠠᠳ ᠲᠠᠢ ᠪᠠᠶᠢᠬᠤ᠂ ᠱᠠᠭᠠᠷᠳᠠᠯᠭ᠎ᠠ ᠶᠣᠰᠣᠭᠠᠷ ᠵᠠᠷᠯᠠᠨ ᠨᠡᠶᠢᠲᠡᠯᠡᠭᠰᠡᠨ ᠦᠭᠡᠢ ᠵᠡᠷᠭᠡ ᠠᠰᠠᠭᠤᠳᠠᠯ ᠢ ᠴᠠᠭ ᠲᠤᠬᠠᠢ ᠳᠤᠨᠢ | ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃ | |