︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠸᠠᠩ ᠰᠢᠦ ᠵᠢᠤᠸᠠᠨ︶ ᠣᠷᠣᠨ ᠤ ᠲᠥᠪ ᠬᠤᠲᠠ ᠶᠢᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ ᠵᠠᠰᠠᠭ ᠤᠨ ᠡᠭᠦᠷᠭᠡ ᠴᠢᠳᠠᠪᠤᠷᠢ ᠪᠠᠨ | ᠭᠦᠢᠴᠡᠳ ᠪᠠᠳᠠᠷᠠᠭᠤᠯᠵᠤ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠩ ᠤᠨ ᠣᠯᠠᠨ ᠨᠡᠶᠢᠲᠡ ᠶᠢᠨ | ᠲᠥᠰᠦᠪ ᠤᠨ ᠰᠤᠷᠭᠠᠨ ᠬᠥᠮᠦᠵᠢᠯ ᠤᠨ ᠵᠠᠷᠤᠳᠠᠯ ᠤᠨ ︽ᠬᠤᠶᠠᠷ ᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠥᠬᠡᠶ︾ ᠲᠥᠷᠥ ᠶᠢᠨ ᠪᠣᠳᠣᠯᠭ᠎ᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠦᠨᠡᠨᠬᠦ ᠪᠠᠲᠤᠯᠠᠪᠠ᠃ | ᠡᠳ᠋ ᠤᠨ ᠵᠠᠰᠠᠭ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠲᠠᠯ᠎ᠠ ᠪᠠᠷ᠂ 2024 ᠣᠨ ᠳᠤ ᠪᠥᠬᠦ ᠬᠤᠲᠠ ᠶᠢᠨ ᠰᠤᠷᠭᠠᠨ ᠬᠥᠮᠦᠵᠢᠯ 64.41 | ᠳ᠋ᠦᠩᠰᠢᠭᠤᠷ ᠲᠥᠭᠦᠷᠢᠭ ᠵᠠᠷᠤᠴᠠᠭᠤᠯᠵᠤ᠂ ︽ᠬᠤᠶᠠᠷ ᠢ ᠬᠡᠯᠲᠦᠷᠢᠭᠦᠯᠬᠦ︾ ᠪᠠᠯᠠ ᠮᠥᠩᠭᠦ᠂ ᠰᠣᠷᠣᠭᠴᠢ ᠶᠢᠨ ᠳᠤᠮᠳᠠᠴᠢ ᠵᠠᠷᠤᠳᠠᠯ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠨᠥᠬᠦᠪᠥᠷᠢ ᠪᠠᠯᠠ ᠮᠥᠩᠭᠦ ᠶᠢ ᠭᠦᠢᠴᠡᠳ ᠲᠤᠭ᠎ᠠ ᠪᠠᠷ ᠪᠠᠲᠤᠯᠠᠵᠤ᠂ ᠪᠠᠭᠰᠢ ᠶᠢᠨ ᠲᠣᠬᠢᠷᠠᠭᠤᠯᠤᠯᠲᠠ᠂ ᠰᠤᠷᠭᠠᠭᠤᠯᠢ ᠶᠢᠨ ᠪᠠᠶᠢᠷᠢ ᠶᠢᠨ | ᠠᠮᠤᠷ ᠲᠦᠪᠰᠢᠨ᠂ ᠲᠥᠬᠦᠭᠡᠷᠦᠮᠵᠢ ᠬᠤᠳᠠᠯᠳᠤᠨ ᠠᠪᠬᠤ᠂ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠥᠲᠥᠭᠡᠨ ᠪᠠᠶᠢᠭᠤᠯᠤᠯᠲᠠ ᠵᠡᠷᠭᠡ ᠪᠠᠯᠠ ᠮᠥᠩᠭᠦ ᠶᠢ | ᠪᠦᠲᠦᠮᠵᠢᠲᠡᠶ ᠨᠠᠶᠢᠳᠠᠪᠤᠷᠢᠵᠢᠭᠤᠯᠪᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠳᠡᠭᠡᠳᠦ ᠱᠠᠲᠤᠨ ᠤ ᠨᠥᠬᠦᠪᠥᠷᠢ ᠪᠠᠯᠠ ᠮᠥᠩᠭᠦ ᠶᠢ | 14.22 ᠳ᠋ᠦᠩᠰᠢᠭᠤᠷ ᠲᠥᠭᠦᠷᠢᠭ ᠴᠢᠷᠮᠠᠶᠢᠨ ᠤᠯᠪᠠ᠃ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠶᠢ ᠳᠡᠮᠵᠢᠵᠦ᠂ ᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠵᠢᠨᠴᠤᠸᠠᠨ ᠰᠤᠷᠭᠠᠭᠤᠯᠢ ᠶᠢᠨ ᠲᠤᠭᠤᠷᠢᠭ᠂ ᠬᠤᠲᠠ ᠶᠢᠨ ᠳᠦᠷᠪᠡᠳᠦᠭᠡᠷ ᠳᠤᠮᠲᠠᠳᠤ ᠰᠤᠷᠭᠠᠭᠤᠯᠢ ᠶᠢᠨ ᠡᠮᠦᠨ᠎ᠡ ᠰᠤᠷᠭᠠᠭᠤᠯᠢ ᠶᠢᠨ | ᠲᠣᠭᠤᠷᠢᠭ᠂ ᠪᠠᠭᠰᠢ ᠶᠢᠨ ᠶᠡᠭᠡ ᠰᠤᠷᠭᠠᠭᠤᠯᠢ ᠶᠢᠨ ᠶᠦᠨ ᠭᠦ᠋ ᠰᠤᠷᠭᠠᠭᠤᠯᠢ ᠵᠡᠷᠭᠡ ᠡᠯ᠎ᠡ ᠵᠦᠢᠯ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ᠂ ᠨᠡᠭᠡᠭᠡᠨ | ᠡᠷᠭᠢᠯᠡᠬᠦ ᠵᠠᠷᠤᠳᠠᠯ ᠪᠠ ᠠᠵᠢᠯᠯᠠᠭᠠᠨ ᠤ ᠵᠠᠷᠤᠳᠠᠯ ᠢ ᠪᠠᠲᠤᠯᠠᠪᠠ᠃ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ ᠴᠡᠴᠡᠷᠯᠢᠭ ᠢ ᠦᠷᠭᠦᠯᠵᠢᠯᠡᠨ ᠪᠠᠶᠢᠭᠤᠯᠬᠤ ᠪᠠ | ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠳᠡᠮᠵᠢᠵᠦ᠂ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ᠂ ᠬᠤᠲᠠ ᠶᠢᠨ ᠬᠤᠶᠠᠳᠤᠭᠠᠷ ᠳᠤᠮᠳᠠᠳᠤ | ᠰᠤᠷᠭᠠᠭᠤᠯᠢ᠂ ᠬᠤᠲᠤᠩ ᠳᠤᠮᠳᠠᠳᠤ ᠰᠤᠷᠭᠠᠭᠤᠯᠢ ᠵᠡᠷᠭᠡ ᠵᠡᠷᠭᠡ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠲᠥᠬᠦᠭᠡᠷᠦᠮᠵᠢ ᠪᠠ | ᠰᠤᠷᠭᠠᠭᠤᠯᠢ ᠡᠷᠭᠢᠯᠡᠬᠦ ᠨᠥᠬᠦᠴᠡᠯ ᠢ ᠲᠡᠭᠦᠯᠳᠡᠷᠵᠢᠭᠦᠯᠪᠡ᠃ | ᠪᠠᠭᠰᠢ ᠶᠢᠨ ᠵᠠᠷᠤᠳᠠᠯ ᠢ ᠪᠠᠲᠤᠯᠠᠬᠤ ᠲᠠᠯ᠎ᠠ ᠪᠠᠷ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ 2024 ᠣᠨ ᠳᠤ ᠨᠡᠮᠡᠭᠳᠡᠯ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ 3107 | ᠲᠦᠮᠡᠨ ᠲᠥᠭᠦᠷᠢᠭ ᠰᠠᠯᠭᠠᠨ ᠦᠭᠪᠡ᠃ ᠰᠢᠨ᠎ᠡ ᠪᠠᠷ ᠠᠵᠢᠯ ᠳᠤ ᠤᠷᠤᠭᠰᠠᠨ ᠪᠠᠭᠰᠢ ᠶᠢᠨ ᠣᠯᠭᠤᠮᠵᠢ ᠶᠢ ᠭᠦᠢᠴᠡᠳ ᠪᠠᠲᠤᠯᠠᠵᠤ᠂ ᠣᠷᠣᠨ ᠤ ᠲᠥᠪ | ᠬᠤᠲᠠ ᠶᠢᠨ ᠰᠤᠷᠭᠠᠨ ᠬᠥᠮᠦᠵᠢᠯ ᠳᠤ ᠪᠠᠭᠰᠢ ᠴᠢᠳᠠᠪᠤᠷᠢᠲᠠᠨ ᠤ ᠵᠠᠷᠤᠳᠠᠯ ᠢ ᠪᠠᠲᠤᠯᠠᠬᠤ ᠠᠵᠢᠯ ᠢ ᠰᠠᠶᠢᠲᠤᠷ ᠬᠢᠵᠦ᠂ 2024 ᠣᠨ ᠳᠤ 1915.63 | ᠲᠦᠮᠡᠨ ᠲᠥᠭᠦᠷᠢᠭ ᠢ ᠪᠠᠭᠰᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠳᠤ ᠲᠤᠰᠬᠠᠶ ᠵᠦᠢᠯ ᠢᠶᠠᠷ ᠬᠡᠷᠡᠭᠯᠡᠵᠦ᠂ ᠭᠤᠣᠯᠳᠠᠭᠤ ᠨᠡᠷᠡᠲᠦ ᠪᠠᠭᠰᠢ᠂ ᠨᠡᠷᠡᠲᠦ | ᠵᠠᠬᠢᠷᠤᠯ ᠤᠨ ᠰᠤᠳᠤᠯᠤᠨ ᠰᠤᠷᠤᠯᠴᠠᠬᠤ ᠬᠠᠮᠲᠤ ᠶᠢᠨ ᠴᠣᠭᠴᠠ ᠵᠢᠴᠢ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠴᠢᠬᠤᠯᠠ ᠶᠡᠭᠡ | ᠰᠡᠳᠦᠪ ᠤᠨ ᠪᠠᠶᠢᠭᠤᠯᠤᠯᠲᠠ ᠳᠤ ᠬᠡᠷᠡᠭᠯᠡᠪᠡ᠃ ︽ᠭᠤᠷᠪᠠ ᠳᠤ ᠦᠢᠯᠡᠴᠢᠯᠡᠵᠦ ᠨᠢᠭᠡ ᠶᠢ ᠠᠬᠢᠭᠤᠯᠬᠤ︾ ᠰᠤᠷᠭᠠᠨ ᠬᠥᠮᠦᠵᠢᠯ ᠢ ᠳᠡᠮᠵᠢᠬᠦ ᠪᠠᠭᠰᠢ ᠶᠢᠨ | ᠠᠮᠢᠳᠤᠷᠠᠯ ᠤᠨ ᠨᠥᠬᠦᠪᠥᠷᠢ ᠶᠢ 67.86 ᠲᠦᠮᠡᠨ ᠲᠥᠭᠦᠷᠢᠭ᠂ ᠬᠥᠳᠡᠭᠡ ᠲᠣᠰᠬᠤᠨ ᠤ ᠪᠠᠭᠰᠢ ᠶᠢᠨ ᠨᠥᠬᠦᠪᠥᠷᠢ ᠶᠢ 4600 ᠲᠦᠮᠡᠨ ᠲᠥᠭᠦᠷᠢᠭ | ᠲᠤᠬᠢᠷᠠᠭᠤᠯᠪᠠ᠃ | ᠡᠭᠦᠨ ᠤ ᠬᠠᠮᠲᠤ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | 2024 ᠣᠨ ᠳᠤ᠂ ᠠᠯᠪᠠᠨ ᠠᠴᠠ ᠡᠷᠭᠢᠯᠡᠭᠰᠡᠨ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠣᠷᠣᠭᠴᠢ ᠨᠢᠭᠡᠪᠦᠷᠢ ᠳᠤ ᠲᠡᠭᠰᠢᠳᠬᠡᠭᠰᠡᠨ | ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ 3300 ᠲᠦᠮᠡᠨ ᠲᠥᠭᠦᠷᠢᠭ ᠳᠣᠭᠢᠷᠠᠭᠤᠯᠵᠤ᠂ ᠪᠥᠬᠦ ᠬᠤᠲᠠ ᠳᠤ ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ | ᠴᠢᠳᠠᠪᠤᠷᠢ ᠶᠢᠨ ᠴᠢᠳᠠᠪᠤᠷᠢᠲᠠᠨ ᠢ ᠬᠥᠮᠦᠵᠢᠭᠦᠯᠬᠦ ᠶᠢ ᠠᠬᠢᠭᠤᠯᠪᠠ᠃ | |