︵ᠰᠤᠷᠪᠤᠯᠵᠢᠯᠠᠭᠴᠢ ᠰᠦᠩ ᠰᠢᠶᠠᠩ ᠬᠤᠸᠠ ᠴᠢᠮᠡᠬᠡᠯᠡᠭᠴᠢ ᠰᠧ ᠮᠦᠸᠧ︶ ᠲᠦᠷᠦᠭᠦᠬᠡᠨ᠂ ᠬᠤᠲᠠ ᠶᠢᠨ ᠡᠳ᠋ ᠤᠨ ᠵᠠᠰᠠᠭ ᠠᠴᠠ ᠬᠦᠴᠢᠷᠳᠡᠯᠲᠡᠢ | ᠣᠯᠠᠨ ᠲᠦᠮᠡᠨ ᠢ ᠠᠪᠤᠷᠠᠨ ᠲᠤᠰᠠᠯᠠᠬᠤ ᠨᠥᠬᠦᠪᠦᠷᠢ ᠮᠥᠩᠭᠦ 49904 ᠲᠦᠮᠡᠨ ᠲᠥᠭᠦᠷᠢᠭ ᠪᠠᠭᠤᠯᠭᠠᠵᠤ᠂ ᠪᠥᠬᠦ ᠬᠤᠲᠠ ᠶᠢᠨ ᠬᠤᠲᠠ ᠬᠥᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ | ᠲᠤᠰᠠᠯᠠᠬᠤ᠂ ᠲᠡᠨᠦᠭᠦᠴᠢᠯᠡᠨ ᠭᠤᠶᠢᠷᠠᠨᠴᠢᠯᠠᠵᠤ ᠪᠠᠶᠢᠭ᠎ᠠ ᠬᠥᠮᠥᠰ ᠢ ᠠᠪᠤᠷᠠᠨ ᠲᠤᠰᠠᠯᠠᠬᠤ᠂ ᠥᠨᠥᠴᠢᠨ ᠬᠡᠦᠬᠡᠳ ᠪᠣᠯᠣᠨ ᠪᠣᠳᠠᠲᠠᠢ ᠠᠰᠠᠷᠠᠨ ᠲᠡᠵᠢᠭᠡᠬᠦ ᠬᠥᠮᠥᠨ | ᠦᠭᠡᠢ ᠬᠡᠦᠬᠡᠳ ᠵᠡᠷᠭᠡ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠳᠤ ᠨᠢᠭᠡᠳᠦᠯᠲᠡᠢ ᠲᠥᠯᠥᠪᠯᠡᠨ ᠬᠡᠷᠡᠭᠯᠡᠪᠡ᠃ | ᠡᠭᠦᠨ ᠤ ᠬᠠᠮᠲᠤ᠂ ᠬᠤᠲᠠ ᠶᠢᠨ ᠡᠳ᠋ ᠤᠨ ᠵᠠᠰᠠᠭ ᠠᠴᠠ 33599 ᠶᠠᠳᠠᠭᠤ ᠬᠦᠴᠢᠷᠳᠡᠯᠲᠡᠢ ᠵᠡᠮᠳᠡᠭᠴᠦᠳ ᠪᠠ 28093 ᠬᠦᠨᠳᠦ ᠵᠡᠮᠳᠡᠭᠴᠦᠳ ᠲᠤ | ᠠᠮᠢᠳᠤᠷᠠᠯ ᠪᠠ ᠰᠤᠪᠢᠯᠠᠯᠲᠠ ᠶᠢᠨ ᠨᠥᠬᠦᠪᠥᠷᠢ 4627 ᠲᠦᠮᠡᠨ ᠲᠥᠭᠦᠷᠢᠭ ᠪᠠᠭᠤᠯᠭᠠᠵᠤ᠂ ᠬᠦᠴᠢᠷᠳᠡᠯᠲᠡᠢ ᠪᠠ ᠬᠦᠨᠳᠦ ᠵᠡᠮᠳᠡᠭᠴᠦᠳ ᠲᠤ ᠪᠦᠲᠦᠮᠵᠢᠲᠡᠶ | ᠠᠰᠢᠭ ᠬᠦᠷᠲᠡᠭᠡᠪᠡ᠃ 4025 ᠲᠦᠮᠡᠨ ᠲᠥᠭᠦᠷᠢᠭ ᠪᠠᠭᠤᠯᠭᠠᠵᠤ᠂ ᠪᠥᠬᠦ ᠬᠤᠲᠠ ᠶᠢᠨ 65961 ᠨᠡᠷᠡᠰ 80 ᠨᠠᠰᠤᠨ ᠠᠴᠠ ᠳᠡᠭᠡᠭᠰᠢᠬᠢ | ᠨᠠᠰᠤᠲᠠᠶᠢᠴᠤᠳ ᠲᠤ ᠥᠨᠳᠥᠷ ᠨᠠᠰᠤᠨ ᠤ ᠨᠥᠬᠦᠪᠥᠷᠢ ᠣᠯᠭᠤᠪᠠ᠃ 1629 ᠲᠦᠮᠡᠨ ᠲᠥᠭᠦᠷᠢᠭ ᠪᠠᠭᠤᠯᠭᠠᠵᠤ᠂ 54309 ᠠᠵᠤ ᠠᠬᠤᠶ ᠬᠦᠴᠢᠷᠳᠡᠯᠲᠡᠶ | ᠨᠠᠰᠤᠲᠠᠶᠢᠴᠤᠳ ᠲᠤ ᠨᠠᠰᠤᠵᠢᠯ ᠤᠨ ᠦᠢᠯᠡᠴᠢᠯᠡᠭᠡᠨ ᠤ ᠨᠥᠬᠦᠪᠥᠷᠢ ᠣᠯᠭᠤᠵᠤ᠂ ᠪᠥᠬᠦ ᠬᠤᠲᠠ ᠶᠢᠨ ᠨᠠᠰᠤᠲᠠᠶᠢᠴᠤᠳ ᠲᠤ ᠬᠥᠭᠵᠢᠯᠲᠡ ᠶᠢᠨ ᠦᠷ᠎ᠡ | ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠶᠢ ᠨᠢ ᠵᠣᠯ ᠵᠢᠷᠭᠠᠯ ᠲᠠᠢ ᠦᠩᠭᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ | ᠲᠠᠰᠤᠷᠠᠯᠲᠠ ᠦᠭᠡᠢ ᠨᠡᠮᠡᠭᠳᠡᠭᠦᠯᠪᠡ᠃ |