︵ᠰᠤᠷᠪᠤᠯᠵᠢᠯᠠᠭᠴᠢ ᠯᠢᠦᠢ ᠬᠤᠢ ᠱᠧᠩ︶ ᠣᠶᠢᠷ᠎ᠠ ᠳᠤ᠂ ᠪᠥᠬᠦ ᠤᠯᠤᠰ ᠤᠨ ᠠᠵᠢᠯᠴᠢᠨ ᠤ ᠡᠪᠯᠡᠯ ᠤᠨ ᠭᠤᠤᠯᠳᠠᠯᠭ᠎ᠠ ᠲᠠᠢ ᠠᠵᠢᠯ ᠤᠨ ᠰᠢᠨ᠎ᠡ ᠶᠢ | ᠡᠭᠦᠳᠦᠭᠰᠡᠨ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠬᠥᠬᠡᠬᠤᠲᠠ ᠶᠢᠨ ᠬᠤᠶᠠᠷ ᠬᠡᠷᠡᠭ ᠤᠨ ᠵᠢᠱᠢᠶ᠎ᠡ ᠰᠣᠩᠭᠤᠭᠳᠠᠪᠠ᠃ ᠡᠭᠦᠨ ᠳᠤ᠂ ︽ᠥᠪᠥᠷ ᠮᠣᠩᠭᠤᠯ ᠤᠨ | ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠡᠭᠦᠳᠦᠨ ᠪᠠᠶᠢᠭᠤᠯᠤᠭᠰᠠᠨ AI ᠲᠤᠭᠠᠴᠢᠯᠠᠭᠰᠠᠨ ᠨᠡᠪᠲᠡᠷᠡᠭᠦᠯᠦᠭᠴᠢ︾ ᠨᠢ ᠤᠬᠠᠭᠤᠯᠤᠨ ᠤᠯᠠᠮᠵᠢᠯᠠᠵᠤ | ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠤᠩᠭᠤᠭᠳᠠᠵᠤ᠂ ︽ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ᠤᠨ ᠠᠵᠢᠯᠴᠢᠨ ᠤ ᠡᠪᠯᠡᠯ | ︿ᠲᠠᠪᠤᠨ ᠪᠠᠭ᠎ᠠ﹀ ᠵᠠᠯᠠᠭᠤᠴᠤᠳ ᠤᠨ ᠰᠢᠨ᠎ᠡ ᠶᠢ ᠡᠭᠦᠳᠦᠭᠴᠢ ᠶᠢᠨ ᠤᠷᠤᠯᠳᠤᠭᠠᠨ ᠢᠶᠠᠷ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠬᠤᠷᠠᠮᠳᠤᠭᠤᠯᠬᠤ︾ | ᠨᠢ ︽ᠳᠥᠷᠪᠡᠨ ᠮᠡᠷᠭᠡᠵᠢᠯ︾᠂ ︽ᠲᠠᠪᠤᠨ ᠪᠠᠭ᠎ᠠ︾᠂ ︽ᠬᠤᠶᠠᠷ ᠢ ᠠᠳᠠᠯᠢᠳᠬᠠᠬᠤ︾ ᠰᠢᠨ᠎ᠡ ᠶᠢ ᠡᠭᠦᠳᠦᠭᠰᠡᠨ ᠬᠡᠷᠡᠭ ᠤᠨ ᠵᠢᠱᠢᠶ᠎ᠡ ᠪᠠᠷ ᠰᠤᠩᠭᠤᠭᠳᠠᠵᠠᠢ᠃ | | ᠣᠶᠢᠯᠠᠭᠠᠭᠰᠠᠨ ᠢᠶᠠᠷ᠂ ᠬᠥᠬᠡᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠡᠷᠭᠢᠯᠡᠭᠰᠡᠨ ︽ᠠᠵᠢᠯᠴᠢᠨ ᠤ | ᠡᠪᠯᠡᠯ ᠤᠨ ᠰᠣᠨᠢᠨ ᠮᠡᠳᠡᠭᠡᠨ ᠤ AI ᠨᠡᠪᠲᠡᠷᠡᠭᠦᠯᠭᠡ︾ ᠪᠤᠯᠤᠩ ᠨᠢ ᠰᠠᠷ᠎ᠠ ᠪᠦᠷᠢ ᠠᠵᠢᠯᠴᠢᠨ ᠤ ᠡᠪᠯᠡᠯ ᠤᠨ ᠭᠤᠤᠯᠳᠠᠯᠭ᠎ᠠ ᠲᠠᠢ ᠠᠵᠢᠯ ᠢ ᠳ᠋ᠦᠩᠨᠡᠨ | ᠨᠡᠪᠲᠡᠷᠡᠭᠦᠯᠵᠦ᠂ ᠠᠵᠢᠯᠲᠠᠨ ᠠᠵᠢᠯᠴᠢᠨ ᠢ ᠲᠥᠪᠯᠡᠷᠡᠭᠦᠯᠦᠨ ᠠᠵᠢᠯᠴᠢᠨ ᠤ ᠡᠪᠯᠡᠯ ᠤᠨ ᠬᠥᠳᠡᠯᠦᠯ ᠪᠠᠶᠢᠳᠠᠯ ᠢ ᠲᠦᠷᠭᠡᠨ ᠦᠵᠡᠭᠦᠯᠵᠦ᠂ ᠣᠷᠣᠨ ᠤ ᠲᠦᠪ | ᠬᠤᠲᠠ ᠶᠢᠨ ᠠᠵᠢᠯᠴᠢᠨ ᠤ ᠡᠪᠯᠡᠯ ᠤᠨ ᠠᠯᠬᠤᠴᠠ ᠶᠢ ᠰᠠᠯᠤᠯ ᠥᠬᠡᠶ ᠳᠠᠭᠠᠭᠤᠯᠪᠠ᠃ ᠥᠪᠥᠷ ᠮᠣᠩᠭᠤᠯ ᠤᠨ ᠮᠧᠩ ᠨᠢᠦ ᠰᠦ ᠶᠢᠨ ᠦᠢᠯᠡᠰ ︵ᠪᠦᠯᠦᠭᠯᠡᠯ︶ | ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠢᠮᠠᠭᠲᠠ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠠᠩᠬᠠᠨ ᠤ ᠬᠥᠳᠡᠯᠭᠡᠬᠦ ᠬᠦᠴᠦᠨ ᠪᠣᠯᠭᠠᠵᠤ᠂ | ᠠᠵᠢᠯᠳᠠᠨ ᠠᠵᠢᠯᠴᠢᠨ ᠤ ᠰᠢᠨ᠎ᠡ ᠶᠢ ᠡᠭᠦᠳᠬᠦ ᠤᠷᠤᠯᠳᠤᠭᠠᠨ᠂ ︽ᠲᠠᠪᠤᠨ ᠪᠠᠭ᠎ᠠ︾ ᠵᠠᠯᠠᠭᠤᠴᠤᠳ ᠤᠨ ᠰᠢᠨ᠎ᠡ ᠶᠢ ᠡᠭᠦᠳᠦᠭᠴᠢ ᠶᠢᠨ ᠤᠷᠤᠯᠳᠤᠭᠠᠨ ᠵᠡᠷᠭᠡ | ᠤᠯᠠᠨ ᠲᠦᠮᠡᠨᠴᠢ ᠴᠢᠨᠠᠷᠲᠠᠢ ᠰᠢᠨ᠎ᠡ ᠶᠢ ᠡᠭᠦᠳᠴᠦ ᠦᠷ᠎ᠡ ᠪᠦᠲᠦᠮᠵᠢ ᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠤ ᠦᠢᠯᠡᠰ ᠤᠨ | ᠠᠵᠢᠯᠴᠢᠨ ᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ | ᠳᠤᠮᠳᠠᠬᠢ ᠭᠤᠣᠯ ᠬᠦᠴᠦᠨ ᠤ ᠦᠢᠯᠡᠳᠦᠯ ᠢ ᠪᠦᠲᠦᠮᠵᠢᠲᠡᠢ ᠪᠠᠳᠠᠷᠠᠭᠤᠯᠵᠠᠢ᠃ |