ᠭᠦᠭᠡᠬᠤᠲᠠ ᠬᠤᠵᠢᠷᠯᠢᠭ ᠭᠠᠵᠠᠷ ᠤᠨ ᠲᠠᠷᠢᠮᠠᠯ ᠤᠨ ᠡᠭᠦᠯᠳᠡᠷ ᠢ ᠰᠢᠭᠰᠢᠨ ᠰᠣᠩᠭᠤᠬᠤ ᠲᠤᠷᠰᠢᠯᠲᠠ ᠶᠢ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/2/6
    2024 ᠣᠨ ᠳᠤ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ︽ᠵᠠᠭᠤᠨ ᠬᠦᠷᠢᠶᠡᠯᠡᠩ᠂ ᠵᠠᠭᠤᠨ ᠠᠵᠤ ᠠᠬᠤᠶᠢᠯᠠᠯ᠂ ᠵᠠᠭᠤᠨ ᠳᠡᠯᠭᠡᠭᠦᠷ︾ ᠢ ᠵᠢᠱᠢᠶ᠎ᠡ ᠦᠵᠡᠭᠦᠯᠭᠦ ᠡᠭᠦᠳᠦᠨ ᠪᠠᠶᠢᠭᠤᠯᠬᠤ ᠠᠵᠢᠯᠯᠠᠭ᠎ᠠ ᠲᠠᠢ ᠤᠶᠠᠯᠳᠤᠭᠤᠯᠤᠨ ︽ᠲᠠᠷᠢᠮᠠᠯ ᠤᠨ ᠡᠭᠦᠯᠳᠡᠷ ᠤᠷᠤᠭᠤᠯᠬᠤ᠂ ᠰᠠᠭᠤᠷᠢᠨ ᠪᠠᠶᠢᠭᠤᠯᠬᠤ᠂ ᠳᠡᠯᠭᠡᠷᠡᠭᠦᠯᠬᠦ ᠶᠢ ᠠᠬᠢᠭᠤᠯᠬᠤ︾ ᠰᠡᠳᠬᠢᠴᠡ ᠪᠠᠷ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠯᠢᠭᠤᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠷᠢᠶᠡᠯᠡᠩ ᠳᠤ ᠬᠤᠵᠢᠷᠯᠢᠭ ᠭᠠᠵᠠᠷ ᠤᠨ ᠲᠠᠷᠢᠮᠠᠯ ᠤᠨ ᠡᠭᠦᠯᠳᠡᠷ ᠢ ᠰᠢᠭᠰᠢᠨ ᠰᠣᠩᠭᠤᠬᠤ ᠲᠤᠷᠰᠢᠯᠲᠠ ᠥᠷᠨᠢᠭᠦᠯᠪᠡ᠃ ᠨᠢᠭᠡ ᠵᠢᠯ ᠤᠨ ᠲᠤᠷᠰᠢᠯᠲᠠ ᠪᠠ ᠰᠢᠯᠢᠨ ᠰᠣᠩᠭᠤᠯᠲᠠ ᠪᠠᠷ ᠳᠠᠮᠵᠢᠨ ᠡᠷᠳᠡᠨᠢ ᠰᠢᠰᠢ᠂ ᠰᠢᠰᠢ ᠪᠠ ᠨᠡᠷᠡᠨ ᠬᠤᠸᠠᠷ ᠤᠨ ᠬᠤᠵᠢᠷᠯᠢᠭ ᠭᠠᠵᠠᠷ ᠤᠨ ᠲᠠᠷᠢᠮᠠᠯ ᠤᠨ ᠡᠭᠦᠯᠳᠡᠷ ᠢ ᠰᠢᠯᠢᠨ ᠰᠣᠩᠭᠤᠵᠤ᠂ ᠭᠦᠭᠡᠬᠤᠲᠠ ᠶᠢᠨ ᠬᠤᠵᠢᠷᠯᠢᠭ ᠭᠠᠵᠠᠷ ᠤᠨ ᠲᠠᠷᠢᠶᠠᠯᠠᠩ ᠤᠨ ᠬᠥᠭᠵᠢᠯᠲᠡ ᠳᠤ ᠴᠢᠩᠭ᠎ᠠ ᠬᠦᠴᠦᠲᠡᠢ ᠮᠡᠷᠭᠡᠵᠢᠯ  ᠤᠨ ᠳᠡᠮᠵᠢᠯᠭᠡ ᠬᠠᠩᠭᠠᠪᠠ᠃    ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠲᠤᠷᠰᠢᠯᠲᠠ ᠪᠠᠷ ᠳᠠᠮᠵᠢᠨ 12 ᠵᠦᠢᠯ ᠤᠨ ᠡᠷᠳᠡᠨᠢ ᠰᠢᠰᠢ  ᠶᠢᠨ ᠡᠭᠦᠯᠳᠡᠷ᠂ 10 ᠵᠦᠢᠯ ᠤᠨ ᠰᠢᠰᠢ ᠶᠢᠨ ᠡᠭᠦᠯᠳᠡᠷ ᠪᠣᠯᠣᠨ 11 ᠵᠦᠢᠯ ᠤᠨ ᠨᠡᠷᠡᠨ ᠬᠤᠸᠠᠷ ᠤᠨ ᠡᠭᠦᠯᠳᠡᠷ ᠢ ᠰᠢᠯᠢᠨ ᠰᠣᠩᠭᠤᠵᠤ᠂ ᠲᠠᠷᠢᠮᠠᠯ ᠤᠨ ᠲᠠᠯᠠᠪᠠᠢ  ᠨᠢ 100 ᠮᠦ ᠳᠤ ᠭᠦᠷᠦᠭᠰᠡᠨ ᠪᠥᠭᠡᠳ ᠤᠰᠤ ᠪᠣᠷᠳᠣᠭᠤᠷ ᠢ ᠨᠢᠭᠡ ᠴᠣᠭᠴᠠᠵᠢᠭᠤᠯᠤᠨ ᠲᠠᠷᠢᠬᠤ ᠮᠡᠷᠭᠡᠵᠢᠯ ᠪᠣᠯᠣᠨ ᠪᠣᠬᠢᠷᠳᠤᠯ ᠦᠭᠡᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠮᠡᠷᠭᠡᠵᠢᠯ ᠢ ᠬᠡᠷᠡᠭᠯᠡᠪᠡ᠃ ᠡᠮᠦᠨᠡᠬᠢ ᠬᠤᠭᠤᠴᠠᠭᠠᠨ ᠤ ᠤᠨᠠᠯᠲᠠ ᠶᠢ ᠬᠡᠮᠵᠢᠬᠦ ᠪᠠᠷ ᠳᠠᠮᠵᠢᠭᠠᠳ ᠡᠷᠳᠡᠨᠢ ᠰᠢᠰᠢ ᠶᠢᠨ ᠡᠭᠦᠯᠳᠡᠷ NM198 ᠪᠠ ᠬᠤᠸᠠᠩ ᠢᠦᠢ 1802᠂ ᠰᠢᠰᠢ ᠶᠢᠨ ᠡᠭᠦᠯᠳᠡᠷ ᡂᠢ ᠽᠠ 138᠂ ᠨᠡᠷᠡᠨ ᠬᠤᠸᠠᠷ ᠤᠨ ᠡᠭᠦᠯᠳᠡᠷ ᠮᠧᠩ ᠺᠦᠢ 33 ᠪᠠ ᠴᠢ ᠶᠤᠸᠠᠨ 9 ᠳ᠋ᠦ᠋ᠭᠡᠷ ᠨᠣᠮᠧᠷᠲᠤ ᠶᠢ ᠪᠠᠭᠲᠠᠭᠠᠭᠰᠠᠨ ᠭᠦᠭᠡᠬᠤᠲᠠ ᠶᠢᠨ ᠣᠶᠢᠷ᠎ᠠ ᠬᠠᠪᠢ ᠶᠢᠨ ᠬᠤᠵᠢᠷᠯᠢᠭ ᠭᠠᠵᠠᠷ ᠲᠤ ᠲᠣᠬᠢᠷᠠᠮᠵᠢᠲᠠᠢ ᠲᠠᠷᠢᠮᠠᠯ ᠤᠨ ᠲᠥᠷᠥᠯ ᠵᠦᠢᠯ ᠢ ᠡᠷᠢᠵᠦ ᠣᠯᠪᠠ᠃    ᠣᠶᠢᠯᠠᠭᠠᠭᠰᠠᠨ ᠢᠶᠠᠷ᠂ ᠭᠦᠭᠡᠬᠤᠲᠠ ᠶᠢᠨ ᠬᠤᠵᠢᠷᠯᠢᠭ ᠭᠠᠵᠠᠷ ᠤᠨ ᠲᠠᠯᠠᠪᠠᠶ 170.45 ᠲᠦᠮᠡᠨ ᠮᠦ ᠳᠤ ᠬᠦᠷᠴᠦ ᠪᠤᠢ᠃ ᠲᠣᠰ ᠤᠳᠠᠭᠠᠨ ᠤ ᠲᠤᠷᠰᠢᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠬᠤᠵᠢᠷᠯᠢᠭ ᠭᠠᠵᠠᠷ ᠢ ᠠᠰᠢᠭᠯᠠᠬᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠤ᠂ ᠲᠠᠷᠢᠶᠠᠯᠠᠩ ᠤᠨ ᠤᠨᠠᠯᠲᠠ ᠶᠢ ᠨᠡᠮᠡᠭᠳᠡᠭᠦᠯᠦᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ᠠᠮᠤ ᠪᠤᠳᠠᠭᠠᠨ ᠤ ᠠᠮᠤᠷ ᠲᠦᠪᠰᠢᠨ ᠪᠠ ᠠᠮᠢ ᠠᠬᠤᠢ ᠶᠢᠨ ᠠᠮᠤᠷ ᠲᠦᠪᠰᠢᠨ ᠢ ᠪᠠᠲᠤᠯᠠᠬᠤ ᠶᠢᠨ ᠬᠠᠮᠲᠤ ᠭᠠᠵᠠᠷ ᠰᠢᠷᠣᠢ ᠶᠢᠨ ᠬᠤᠵᠢᠷᠰᠢᠯ ᠤᠨ ᠪᠠᠶᠢᠭᠠᠯᠢ ᠣᠷᠴᠢᠨ ᠳᠤ ᠤᠴᠠᠷᠠᠭᠤᠯᠬᠤ ᠬᠤᠣᠷ ᠨᠥᠯᠥᠭᠡ ᠶᠢ ᠪᠠᠭᠠᠰᠬᠠᠬᠤ ᠪᠣᠯᠣᠮᠵᠢ ᠲᠠᠢ ᠶᠤᠮ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ