2024 ᠣᠨ ᠳᠤ ᠭᠦᠭᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ ᠨᠡᠶᠢᠳᠡ 5500 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ | ᠳᠡᠭᠡᠷ᠎ᠡ ᠵᠢᠯ ᠤᠨ ᠬᠢ ᠠᠴᠠ ᠪᠠᠨ 9.4% ᠪᠠᠷ ᠨᠡᠮᠡᠭᠳᠡᠨ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠬᠡᠷᠡᠭᠯᠡᠭᠡᠨ ᠤ ᠶᠡᠷᠦᠩᠬᠡᠢ ᠵᠠᠷᠤᠳᠠᠯ 860 | ᠳ᠋ᠦᠩᠰᠢᠭᠤᠷ ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ ᠪᠠᠨ 11.4% ᠪᠠᠷ ᠨᠡᠮᠡᠭᠳᠡᠪᠡ᠃ | 2024 ᠣᠨ ᠤ ︽5·1︾ ᠤ ᠠᠮᠠᠷᠠᠯᠲᠠ ᠶᠢᠨ ᠬᠤᠭᠤᠴᠠᠭᠠᠨ ᠳᠤ ᠭᠦᠭᠡᠬᠤᠲᠠ ︽ᠨᠢᠭᠡ ᠬᠤᠳᠠ ᠪᠠᠷ ᠤᠮᠠᠷᠠᠲᠤ ᠬᠢᠯᠢ ᠶᠢ ᠬᠠᠷᠠᠬᠤᠢ - ᠭᠦᠭᠡᠬᠤᠲᠠ ᠶᠢᠨ | ᠠᠮᠠᠷᠠᠯᠲᠠ ᠶᠢᠨ ᠲᠥᠯᠥᠪᠯᠡᠭᠡ︾ ᠪᠠᠷ ᠭᠤᠣᠯ ᠰᠡᠳᠦᠪ ᠪᠣᠯᠭᠠᠨ 12 ᠲᠦᠷᠦᠯ ᠤᠨ 80 ᠭᠠᠷᠤᠢ ᠠᠵᠢᠯᠯᠠᠭ᠎ᠠ ᠶᠢ ᠲᠥᠰᠥᠪᠯᠡᠨ ᠶᠠᠪᠤᠭᠳᠠᠭᠤᠯᠵᠤ᠂ ᠰᠣᠶᠣᠯ | ᠵᠢᠭᠤᠯᠴᠢᠯᠠᠯ ᠤᠨ ᠬᠡᠷᠡᠭᠯᠡᠭᠡ ᠶᠢ ᠬᠥᠭᠵᠢᠭᠡᠬᠦ ᠠᠵᠢᠯᠯᠠᠭ᠎ᠠ ᠶᠢ 2 ᠵᠦᠢᠯ ᠶᠠᠪᠤᠭᠳᠠᠭᠤᠯᠵᠠᠢ᠃ 2024 ᠣᠨ ᠤ 5 - 8 ᠰᠠᠷ᠎ᠠ ᠳᠤ ᠵᠠᠩ ᠵᠢᠶᠧ ᠶᠢᠨ ᠳᠠᠭᠤᠤ | ᠬᠥᠭᠵᠢᠮ ᠤᠨ ᠴᠤᠭᠯᠠᠭᠠᠨ᠂ ᠰᠢᠨ ᠵᠧ ᠶᠢᠨ ᠳᠠᠭᠤᠤ ᠬᠥᠭᠵᠢᠮ ᠤᠨ ᠴᠤᠭᠯᠠᠭᠠᠨ᠂ ᠰᠢᠤᠸᠠᠢ ᡁᠢ ᠴᠢᠶᠠᠨ ᠤ ᠳᠠᠭᠤᠤ ᠬᠥᠭᠵᠢᠮ ᠤᠨ ᠴᠤᠭᠯᠠᠭᠠᠨ᠂ ᠳ᠋ᠧᠩ ᠽᠢ ᠴᠢ | ᠶᠢᠨ ᠳᠠᠭᠤᠤ ᠬᠥᠭᠵᠢᠮ ᠤᠨ ᠴᠤᠭᠯᠠᠭᠠᠨ᠂ ᠭᠠᠷᠤᠳᠢ ᠶᠢᠨ ᠲᠣᠮᠤᠭ ᠬᠠᠮᠲᠤᠯᠢᠭ ᠤᠨ ᠳᠠᠭᠤᠤ ᠬᠥᠭᠵᠢᠮ ᠤᠨ ᠴᠤᠭᠯᠠᠭᠠᠨ ᠵᠡᠷᠭᠡ 8 ᠲᠠᠯᠠᠪᠠᠢ ᠲᠣᠮᠣ ᠭᠡᠯᠪᠡᠷᠢ | ᠶᠢᠨ ᠳᠠᠭᠤᠤ ᠬᠥᠭᠵᠢᠮ ᠤᠨ ᠴᠤᠭᠯᠠᠭᠠᠨ ᠡᠷᠭᠢᠯᠡᠵᠦ᠂ ᠭᠦᠭᠡᠬᠤᠲᠠ ᠶᠢᠨ ᠰᠣᠶᠣᠯ ᠵᠢᠭᠤᠯᠴᠢᠯᠠᠯ ᠤᠨ ᠠᠵᠤ ᠠᠬᠤᠢ ᠶᠢ ᠶᠡᠭᠡ ᠪᠠᠷ ᠬᠥᠭᠵᠢᠭᠡᠪᠡ᠃ ᠠᠷᠪᠠᠳᠤᠭᠠᠷ | ᠬᠤᠭᠤᠴᠠᠭᠠᠨ ᠤ ᠲᠤᠮᠳᠠᠳᠦ ᠤᠯᠤᠰ ᠤᠨ ᠮᠦᠽᠧᠢ ᠵᠢᠴᠢ ᠬᠠᠮᠢᠶ᠎ᠠ ᠪᠦᠬᠦᠢ ᠦᠢᠯᠡᠳᠬᠦᠨ ᠬᠢᠭᠡᠳ ᠮᠡᠷᠭᠡᠵᠢᠯ ᠤᠨ ᠦᠵᠡᠰᠭᠦᠯᠡᠩ ᠤᠨ ᠴᠤᠭᠯᠠᠭᠠᠨ ᠭᠦᠭᠡᠬᠤᠳᠠ | ᠳᠤ ᠨᠢᠵᠢᠭᠢᠷ ᠶᠠᠪᠤᠭᠳᠠᠵᠤ᠂ 422 ᠮᠦᠽᠧᠢ ᠶᠢᠨ ᠬᠢᠨ ᠤᠷᠤᠯᠴᠠᠵᠦ᠂ ᠰᠢᠷᠢᠰ ᠡᠷᠳᠡᠮ ᠰᠢᠨᠵᠢᠯᠡᠭᠡᠨ ᠤ ᠠᠵᠢᠯᠯᠠᠭ᠎ᠠ ᠪᠠ 40 ᠭᠠᠷᠤᠢ ᠲᠠᠯᠠᠪᠠᠢ ᠤᠯᠠᠨ ᠨᠡᠶᠢᠲᠡ | ᠶᠢᠨ ᠠᠵᠢᠯᠯᠠᠭ᠎ᠠ ᠶᠢ ᠲᠥᠭᠦᠷᠵᠢᠭᠦᠯᠦᠨ ᠡᠷᠭᠢᠯᠡᠵᠦ᠂ ᠮᠠᠰᠢ ᠤᠯᠠᠨ ᠦᠵᠡᠭᠴᠢᠳ ᠤᠨ ᠠᠩᠬᠠᠷᠤᠯ ᠢ ᠲᠠᠲᠠᠭᠰᠠᠨ ᠶᠤᠮ᠃ 2024 ᠣᠨ ᠤ ᠨᠠᠢᠮᠠᠨ ᠰᠠᠷ᠎ᠠ ᠶᠢᠨ | ᠲᠡᠷᠭᠡᠯ ᠪᠠᠶᠠᠷ ᠤᠨ ᠡᠳᠦᠷ᠂ ᠭᠦᠭᠡᠬᠤᠲᠠ ︽ᠨᠢᠭᠡ ᠬᠤᠳᠠ ᠪᠠᠷ ᠤᠮᠠᠷᠠᠲᠤ ᠬᠢᠯᠢ ᠶᠢ ᠬᠠᠷᠠᠬᠤᠢ - ᠭᠡᠷ ᠬᠤᠲᠠᠯᠠᠭᠠᠷ ᠢᠶᠠᠨ ᠴᠤᠭᠯᠠᠷᠠᠨ ᠭᠦᠭᠡᠬᠤᠲᠠ ᠳᠤ | ᠵᠤᠭᠠᠴᠠᠬᠤ︾ ᠪᠠᠷ ᠭᠤᠣᠯ ᠪᠣᠯᠭᠠᠨ ᠲᠦᠷᠪᠡᠨ ᠵᠦᠭ ᠤᠨ ᠵᠢᠭᠤᠯᠴᠢᠯᠠᠬᠰᠠᠳ ᠢ ᠰᠣᠶᠣᠯ ᠪᠠ ᠪᠠᠶᠢᠭᠠᠯᠢ ᠶᠢᠨ ᠦᠪᠡᠳᠡᠭᠰᠢ ᠳᠠᠶᠢᠯᠠᠯᠭ᠎ᠠ ᠳᠤ ᠤᠷᠢᠵᠠᠢ᠃ ᠤᠯᠤᠰ | ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠠᠬᠢ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠭᠦᠭᠡᠬᠤᠲᠠ︾ ᠪᠠᠷ ᠭᠤᠣᠯ | ᠰᠡᠳᠦᠪ ᠪᠤᠯᠭᠠᠬᠰᠠᠨ ᠤᠷᠠᠨ ᠰᠠᠶᠢᠬᠠᠨ ᠤ ᠲᠤᠬᠯᠠᠯᠳᠠ᠂ ᠥᠩᠭᠡᠲᠦ ᠳ᠋ᠧᠩ ᠤᠨ ᠦᠵᠡᠭᠦᠯᠭᠡ᠂ ᠲᠦᠮᠡᠨ ᠬᠥᠮᠥᠨ ᠤ ᠠᠭᠤᠳᠠᠮ ᠳᠠᠯᠠᠪᠠᠢ ᠶᠢᠨ ᠪᠥᠵᠢᠭ᠂ ᠠᠬᠤᠢ | ᠦᠵᠡᠭᠳᠡᠯᠲᠦ ᠵᠦᠴᠦᠭᠡ᠂ ᠯᠤᠤᠲᠤ ᠣᠩᠭᠤᠴᠠᠨ ᠤ ᠤᠷᠤᠯᠳᠤᠭᠠᠨ ᠵᠢᠴᠢ ᠦᠢ ᠤᠯᠠᠨ ᠦᠵᠡᠰᠭᠦᠯᠡᠩ ᠦᠵᠡᠭᠦᠯᠭᠡ ᠨᠢ ᠭᠦᠭᠡᠬᠤᠲᠠ ᠶᠢᠨ ᠰᠣᠶᠣᠯ ᠵᠢᠭᠤᠯᠴᠢᠯᠠᠯ | ᠤᠨ ᠠᠭᠤᠰᠤᠯᠴᠠᠯ ᠤᠨ ᠢᠷᠠᠭᠤ ᠬᠠᠭᠤᠳᠠᠰᠤ ᠶᠢ ᠪᠢᠴᠢᠭᠯᠡᠵᠡᠢ᠃ | ᠰᠢᠶᠧ ᠴᠧᠩ ᠲᠠᠪᠴᠠᠩ ᠤᠨ ᠲᠤᠭ᠎ᠠ ᠪᠠᠷᠢᠮᠲᠠ ᠶᠢ ᠦᠨᠳᠦᠰᠦᠯᠡᠪᠡᠯ᠂ 2024 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ | ᠭᠦᠭᠡᠬᠤᠲᠠ ᠪᠦᠭᠦ ᠤᠯᠤᠰ ᠤᠨ ᠨᠡᠮᠡᠭᠳᠡᠯ ᠤᠨ ᠬᠤᠷᠳᠤᠴᠠ ᠪᠠᠷ ᠬᠠᠮᠤᠭ ᠤᠨ ᠲᠦᠷᠭᠡᠨ 10 ᠶᠡᠭᠡ ᠵᠢᠭᠤᠯᠴᠢᠯᠠᠯ ᠤᠨ ᠵᠤᠷᠢᠯᠳᠠᠳᠦ ᠭᠠᠵᠠᠷ ᠤᠨ ᠨᠢᠭᠡ ᠪᠣᠯᠪᠠ᠃ | ᠡᠭᠦᠨ ᠠᠴᠠ ᠭᠠᠳᠠᠨ᠎ᠠ᠂ ᠱᠣᠣᠮᠠᠢ ᠶᠢᠨ ᠠᠮᠲᠠᠲᠤ ᠢᠳᠡᠭᠡᠨ ᠤ ᠨᠠᠶᠢᠷ᠂ ᠰᠢᠨ᠎ᠡ ᠣᠨ ᠢᠶᠠᠨ ᠤᠭᠲᠤᠬᠤ ᠰᠢᠷᠢᠰ ᠠᠵᠢᠯᠯᠠᠭ᠎ᠠ ᠳᠠᠭᠠᠨ ᠭᠦᠭᠡᠬᠤᠳᠠ ᠶᠢᠨ ᠰᠣᠶᠣᠯ | ᠲᠡᠦᠬᠡ᠂ ᠵᠠᠩ ᠦᠢᠯᠡ ᠶᠢᠨ ᠡᠬᠢ ᠪᠠᠶᠠᠯᠢᠭ ᠢ ᠭᠦᠨ ᠠᠭᠤᠳᠠᠯᠵᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠢ ᠤᠯᠠᠮ ᠬᠥᠭᠵᠢᠭᠡᠭᠰᠡᠨ ᠮᠥᠷᠲᠡᠭᠡᠨ ᠭᠦᠭᠡᠬᠤᠳᠠ ᠶᠢᠨ | ᠨᠡᠷ᠎ᠡ ᠠᠯᠳᠠᠷᠰᠢᠯ ᠢ ᠤᠯᠠᠮ ᠮᠠᠨᠳᠤᠭᠤᠯᠵᠤ᠂ 2024 ᠣᠨ ᠤ ᠰᠣᠶᠣᠯ ᠵᠢᠭᠤᠯᠴᠢᠯᠠᠯ ᠤᠨ ᠦᠢᠯᠡᠰ ᠤᠨ ᠬᠢᠨ ᠭᠢᠯᠠᠰ ᠴᠡᠭ ᠪᠣᠯᠤᠭᠰᠠᠨ ᠪᠠᠶᠢᠨ᠎ᠠ᠃ |