︵ᠰᠤᠷᠪᠤᠯᠵᠢᠯᠠᠭᠴᠢ ᠶᠦᠨ ᠶᠠᠨ ᠹᠠᠩ︶ ᠰᠤᠷᠪᠤᠯᠵᠢᠯᠠᠭᠴᠢ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠠᠴᠠ | ᠣᠶᠢᠯᠠᠭᠠᠭᠰᠠᠨ ᠨᠢ᠂ 2025 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ︵1 ᠳ᠋ᠦ᠋ᠭᠡᠷ ᠰᠠᠷ᠎ᠠ ᠶᠢᠨ 28 ᠤ ᠡᠳᠦᠷ ᠠᠴᠠ 2 ᠳ᠋ᠤᠭᠠᠷ | ᠰᠠᠷ᠎ᠠ ᠶᠢᠨ 4 ᠤ ᠡᠳᠦᠷ ᠪᠣᠯᠲᠠᠯ᠎ᠠ︶ ᠲᠤᠰ ᠨᠢᠰᠬᠡᠯ ᠤᠨ ᠪᠠᠭᠤᠳᠠᠯ ᠨᠡᠶᠢᠲᠡ 2255 ᠨᠢᠰᠭᠡᠯ ᠤᠳᠠᠭ᠎ᠠ ᠨᠢᠰᠴᠦ ᠪᠠᠭᠤᠬᠤ ᠶᠢ ᠪᠠᠲᠤᠯᠠᠵᠤ᠂ ᠠᠶᠠᠨᠴᠢᠳ ᠤᠨ | ᠢᠷᠡᠵᠦ ᠶᠠᠪᠤᠭᠰᠠᠨ ᠲᠤᠭ᠎ᠠ 23.9 ᠲᠦᠮᠡᠨ ᠬᠥᠮᠦᠨ ᠤᠳᠠᠭ᠎ᠠ ᠬᠦᠷᠴᠦ᠂ ᠡᠳᠦᠷ ᠪᠦᠷᠢ ᠳᠤᠮᠳᠠᠴᠢ ᠪᠠᠷ 282 ᠨᠢᠰᠭᠡᠯ ᠤᠳᠠᠭ᠎ᠠ᠂ 3 ᠲᠦᠮᠡᠨ ᠬᠥᠮᠦᠨ | ᠤᠳᠠᠭ᠎ᠠ ᠪᠤᠯᠤᠨ᠎ᠠ᠃ 2 ᠳ᠋ᠤᠭᠠᠷ ᠰᠠᠷ᠎ᠠ ᠶᠢᠨ 4 ᠤ ᠡᠳᠦᠷ᠂ ᠭᠠᠭᠴᠠ ᠡᠳᠦᠷ ᠠᠶᠠᠨᠴᠢᠳ ᠢ 3.4 ᠲᠦᠮᠡᠨ ᠬᠥᠮᠦᠨ ᠤᠳᠠᠭ᠎ᠠ ᠵᠥᠭᠡᠭᠡᠪᠦᠷᠢᠯᠡᠵᠦ᠂ ᠭᠠᠭᠴᠠ | ᠡᠳᠦᠷ ᠤᠨ ᠠᠶᠠᠨᠴᠢᠳ ᠤᠨ ᠰᠠᠭᠤᠳᠠᠯ ᠤᠨ ᠨᠣᠷᠮ᠎ᠠ 82.9% ᠬᠦᠷᠴᠡᠢ᠃ | ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ | ᠭᠠᠳᠠᠭᠰᠢ ᠭᠠᠷᠬᠤ ᠠᠶᠠᠨᠴᠢᠳ ᠭᠤᠤᠯᠳᠠᠭᠤ ᠵᠢᠭᠤᠯᠴᠢᠯᠠᠬᠤ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠠᠵᠢᠯ ᠬᠥᠳᠡᠯᠮᠦᠷᠢ ᠬᠢᠬᠦ ᠪᠠᠷ ᠶᠠᠪᠤᠬᠰᠠᠳ ᠵᠡᠷᠭᠡ | ᠬᠡᠯᠪᠡᠷᠢ ᠪᠠᠷ ᠪᠦᠷᠢᠯᠳᠦᠵᠡᠶ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢᠨ ᠠᠶᠠᠨᠴᠢᠳ ᠪᠣᠯ ᠭᠤᠤᠯᠳᠠᠭᠤ ᠤᠯᠠᠭᠠᠨᠬᠠᠳᠠ᠂ | ᠬᠠᠶᠢᠯᠠᠷ᠂ ᠲᠦᠩᠯᠢᠶᠣᠤ᠂ ᠰᠢᠯᠢᠩᠬᠤᠲᠠ᠂ ᠤᠯᠠᠭᠠᠨᠬᠤᠲᠠ ᠵᠡᠷᠭᠡ ᠬᠤᠲᠠ ᠶᠢᠨ ᠠᠶᠠᠨᠴᠢᠳ ᠢᠶᠠᠷ ᠭᠤᠤᠯ ᠪᠣᠯᠭᠠᠵᠤ᠂ ᠣᠷᠣᠨ ᠤ ᠭᠠᠳᠠᠨᠠᠬᠢ ᠠᠶᠠᠨᠴᠢᠳ ᠤᠨ | ᠤᠷᠤᠰᠬᠠᠯ ᠨᠢ ᠭᠤᠤᠯᠳᠠᠭᠤ ᠱᠠᠩᠬᠠᠶ᠂ ᠭᠤᠸᠠᠩᠵᠧᠦ᠂ ᠨᠠᠨᠵᠢᠩ᠂ ᠬᠠᠶᠢᠺᠧᠦ᠂ ᠬᠠᠩᠵᠧᠦ᠂ ᠬᠠᠷᠪᠢᠨ ᠪᠣᠯᠤᠨ ᠰᠢ ᠠᠨ ᠵᠡᠷᠭᠡ ᠬᠤᠲᠠ ᠳᠤ ᠲᠦᠪᠯᠡᠷᠡᠵᠡᠢ᠃ |