ᠬᠥᠬᠡᠬᠤᠲᠠ᠂ ᠬᠢᠩᠭᠠᠨ ᠠᠶᠢᠮᠠᠭ ᠤᠨ ᠬᠢᠨ ᠰᠢᠨ᠎ᠡ ᠵᠢᠯ ᠤᠨ ᠠᠩᠬᠠᠳᠤᠭᠠᠷ ᠬᠤᠷᠠᠯ ᠬᠤᠷᠠᠯᠳᠤᠭᠤᠯᠵᠤ  ︽ᠵᠢᠷᠭᠤᠭᠠᠨ ᠠᠵᠢᠯᠯᠠᠭ᠎ᠠ︾ ᠶᠢ ᠠᠬᠢᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/2/7
      ᠬᠥᠬᠡᠬᠤᠲᠠ ᠶᠢᠨ ᠬᠢᠨ ︽ᠵᠢᠷᠭᠤᠭᠠᠨ ᠠᠵᠢᠯᠯᠠᠭ᠎ᠠ︾ ᠶᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠭᠰᠠᠨ ᠪᠥᠭᠡᠳ 6 ᠪᠣᠳᠠᠲᠠᠢ ᠲᠥᠰᠦᠯ ᠢ ᠢᠵᠢ ᠪᠦᠷᠢᠳᠦᠭᠦᠯᠦᠨ ᠨᠡᠶᠢᠲᠡᠯᠡᠵᠦ᠂ 20 ᠵᠦᠢᠯ ᠤᠨ ᠪᠣᠳᠠᠲᠠᠢ ᠡᠭᠦᠷᠭᠡ ᠶᠢ ᠨᠠᠷᠢᠯᠢᠭᠵᠢᠭᠤᠯᠵᠤ᠂ ᠭᠤᠣᠯᠳᠠᠯᠭ᠎ᠠ ᠪᠣᠯᠬᠤ 1288 ᠲᠦᠷᠦᠯ ᠵᠦᠢᠯ ᠢ ᠲᠥᠯᠥᠪᠵᠢᠭᠦᠯᠵᠦ᠂ ᠠᠵᠢᠯ ᠤᠨ ᠲᠤᠰᠬᠠᠢ ᠠᠩᠬᠢ ᠶᠢ ᠪᠠᠶᠢᠭᠤᠯᠤᠨ ︽ᠵᠢᠷᠭᠤᠭᠠᠨ ᠠᠵᠢᠯᠯᠠᠭ᠎ᠠ︾ ᠶᠢᠨ ᠨᠠᠶᠢᠳᠠᠪᠤᠷᠢᠵᠢᠭᠤᠯᠤᠯᠲᠠ ᠶᠢ ᠲᠦᠷᠭᠡᠬᠡᠨ ᠠᠵᠢᠯᠯᠠᠭᠤᠯᠬᠤ ᠪᠠᠷ ᠴᠢᠩᠭ᠎ᠠ ᠠᠳᠬᠤᠪᠠ︔ ᠠᠵᠤ ᠦᠢᠯᠡᠰ ᠤᠨ ᠪᠦᠰᠡ ᠶᠢᠨ ᠬᠥᠭᠵᠢᠯᠲᠡ ᠶᠢ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠠᠬᠢᠭᠤᠯᠤᠨ ᠨᠠᠶᠢᠳᠠᠪᠤᠷᠢᠵᠢᠭᠤᠯᠬᠤ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ᠂ ᠬᠠᠷᠢᠭᠤᠴᠠᠯᠭᠠᠲᠠᠨ ᠢ ᠲᠤᠳᠤᠷᠬᠠᠶᠢᠯᠠᠪᠠ᠃ ᠨᠢᠭᠡᠳᠦᠭᠡᠷ ᠤᠯᠠᠷᠢᠯ ᠳᠤ᠂ ᠪᠠᠶᠢᠭᠤᠯᠵᠤ ᠪᠠᠶᠢᠭ᠎ᠠ 502 ᠲᠥᠷᠥᠯ ᠵᠦᠢᠯ ᠢ ᠡᠷᠲᠡᠬᠡᠨ ᠠᠵᠢᠯ ᠢᠶᠠᠨ ᠰᠡᠷᠭᠦᠭᠡᠬᠦ ᠪᠠ ᠰᠢᠨ᠎ᠡ ᠪᠠᠷ ᠪᠠᠶᠢᠭᠤᠯᠬᠤ ᠭᠡᠵᠦ ᠪᠠᠶᠢᠭ᠎ᠠ 786 ᠲᠥᠷᠥᠯ ᠵᠦᠢᠯ ᠤᠨ ᠭᠠᠷᠳᠠᠮ ᠭᠦᠢᠴᠡᠳᠬᠡᠬᠦ ᠨᠣᠷᠮ᠎ᠠ ᠶᠢ 80% ᠠᠴᠠ ᠳᠠᠪᠠᠭᠤᠯᠬᠤ ᠶᠢ ᠦᠨᠡᠨ ᠬᠦ ᠪᠠᠲᠤᠯᠠᠨ᠎ᠠ᠃ ᠬᠢᠩᠭᠠᠨ ᠠᠶᠢᠮᠠᠭ ᠤᠨ ᠬᠢᠨ ᠴᠢᠬᠤᠯᠠ ᠶᠡᠭᠡ 320 ᠲᠥᠷᠥᠯ ᠵᠦᠢᠯ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠡᠭᠦᠷᠭᠡ ᠶᠢᠨ 24 ᠵᠦᠢᠯ ᠤᠨ ᠨᠠᠷᠢᠨ ᠲᠠᠩᠰᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ 20 ᠵᠦᠢᠯ ᠤᠨ ᠪᠣᠳᠠᠲᠠᠶ ᠠᠷᠭ᠎ᠠ ᠬᠡᠮᠵᠢᠶ᠎ᠡ᠂ ᠤᠰᠤ ᠠᠷᠪᠢᠯᠠᠬᠤ ᠠᠵᠢᠯᠯᠠᠭ᠎ᠠ ᠶᠢᠨ ᠭᠤᠤᠯᠳᠠᠯᠭ᠎ᠠ ᠪᠣᠯᠬᠤ 27 ᠵᠦᠢᠯᠡᠰ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠭᠤᠤᠯᠳᠠᠯᠭ᠎ᠠ ᠪᠣᠯᠬᠤ 30 ᠵᠦᠢᠯ ᠤᠨ ᠠᠵᠢᠯ ᠪᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢᠨ 16 ᠵᠦᠢᠯ ᠤᠨ ᠬᠠᠷᠠᠯᠲᠠ ᠡᠭᠦᠷᠭᠡ ᠶᠢ ᠲᠥᠯᠥᠪᠯᠡᠨ ᠨᠥᠭᠡᠴᠡᠯᠡᠪᠡ᠃ ᠴᠢᠬᠤᠯᠠ ᠶᠡᠭᠡ 50 ᠲᠥᠷᠥᠯ ᠵᠦᠢᠯ ᠢ ᠰᠣᠩᠭᠤᠵᠤ᠂ ᠠᠶᠢᠮᠠᠭ ᠤᠨ ᠱᠠᠲᠤᠨ ᠤ ᠤᠳᠤᠷᠢᠳᠤᠯᠭ᠎ᠠ ᠨᠠᠷ ︽ᠨᠢᠭᠡ ᠨᠢᠭᠡ ᠶᠢᠨ ᠬᠠᠷᠠᠭᠠᠯᠵᠠᠯ ᠲᠠᠢ ᠪᠠᠷ︾ ᠬᠡᠰᠡᠭ ᠬᠤᠪᠢᠶᠠᠨ ᠳᠠᠭᠠᠭᠠᠴᠢᠯᠠᠨ ᠬᠤᠯᠪᠣᠭᠠᠯᠠᠵᠤ᠂ ᠳᠠᠭᠠᠭᠠᠴᠢᠯᠠᠨ ᠬᠤᠯᠪᠣᠭᠠᠯᠠᠬᠤ ᠲᠥᠷᠥᠯ ᠵᠦᠢᠯ ᠤᠨ ᠡᠯ᠎ᠡ ᠭᠤᠭᠴᠤᠭ᠎ᠠ ᠳᠤ ᠪᠥᠬᠦ ᠲᠠᠯ᠎ᠠ ᠪᠠᠷ ᠮᠥᠷᠳᠡᠨ ᠦᠢᠯᠡᠴᠢᠯᠡᠵᠦ᠂ ᠴᠢᠬᠤᠯᠠ ᠶᠡᠭᠡ ᠲᠥᠷᠥᠯ ᠵᠦᠢᠯ ᠢ ᠡᠷᠲᠡᠬᠡᠨ ᠪᠦᠲᠦᠭᠡᠨ ᠪᠠᠶᠢᠭᠤᠯᠵᠤ᠂ ᠡᠷᠲᠡᠬᠡᠨ ᠦᠢᠯᠡᠳᠪᠦᠷᠢᠯᠡᠬᠦ ᠶᠢ ᠠᠬᠢᠭᠤᠯᠤᠭᠰᠠᠨ ᠪᠠᠶᠢᠨ᠎ᠠ᠃ ︵ᠬᠥᠬᠡᠬᠤᠲᠠ ᠶᠢᠨ ᠵᠠᠰᠠᠭ ᠤᠨ ᠣᠷᠳᠣᠨ᠂ ᠬᠢᠩᠭᠠᠨ ᠠᠶᠢᠮᠠᠭ ᠤᠨ ᠵᠠᠬᠢᠷᠭ᠎ᠠ︶
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ