ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 486 ᠲᠦᠮᠡᠨ ᠬᠥᠮᠦᠨ ᠤᠳᠠᠭ᠎ᠠ ᠬᠦᠯᠢᠶᠡᠨ ᠠᠪᠴᠠᠢ
ᠨᠡᠶᠢᠲᠡᠯᠡᠭᠰᠡᠨ ᠴᠠᠭ᠄
2025/2/7
      ︵ᠰᠤᠷᠪᠤᠯᠵᠢᠯᠠᠭᠴᠢ ᠯᠢᠦ ᠯᠢ ᠰᠢᠶᠠ︶ ᠣᠶᠢᠷ᠎ᠠ ᠳᠤ᠂ ᠰᠤᠷᠪᠤᠯᠵᠢᠯᠠᠭᠴᠢ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2025 ᠣᠨ ᠤ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ ᠨᠡᠶᠢᠲᠡ 486 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 2024 ᠣᠨ ᠤ ᠠᠳᠠᠯᠢ ᠬᠤᠭᠤᠴᠠᠭᠠᠨ ᠤ ᠬᠢ ᠠᠴᠠ 15.84% ᠪᠠᠷ ᠨᠡᠮᠡᠭᠳᠡᠪᠡ᠃ ᠵᠢᠭᠤᠯᠴᠢᠯᠠᠯ ᠤᠨ ᠶᠡᠷᠦᠩᠬᠡᠢ ᠵᠠᠷᠤᠳᠠᠯ 34.32 ᠳ᠋ᠦᠩᠰᠢᠭᠤᠷ ᠲᠥᠭᠦᠷᠢᠭ ᠬᠦᠷᠴᠦ᠂ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 2024 ᠣᠨ ᠤ ᠠᠳᠠᠯᠢ ᠬᠤᠭᠤᠴᠠᠭᠠᠨ ᠤ ᠬᠢ ᠠᠴᠠ 15.19% ᠪᠠᠷ ᠨᠡᠮᠡᠭᠳᠡᠪᠡ᠃ ᠪᠥᠬᠦ ᠬᠤᠲᠠ ᠶᠢᠨ ᠬᠢᠨᠠᠨ ᠬᠡᠮᠵᠢᠯᠲᠡ ᠳᠤ ᠣᠷᠣᠭᠤᠯᠤᠭᠰᠠᠨ ᠦᠵᠡᠮᠵᠢ ᠶᠢᠨ ᠣᠷᠣᠨ 32 ᠪᠠᠶᠢᠵᠤ᠂ ᠨᠡᠶᠢᠲᠡ 239.21 ᠲᠦᠮᠡᠨ ᠬᠥᠮᠦᠨ ᠤᠳᠠᠭ᠎ᠠ ᠵᠢᠭᠤᠯᠴᠢᠯᠠᠭᠴᠢᠳ ᠢ ᠭᠥᠯᠢᠶᠡᠨ ᠠᠪᠴᠤ᠂ ᠡᠵᠡᠩᠨᠡᠯᠲᠡ ᠶᠢᠨ ᠣᠷᠣᠯᠭ᠎ᠠ 9636.24 ᠲᠦᠮᠡᠨ ᠲᠥᠭᠦᠷᠢᠭ ᠬᠦᠷᠴᠡᠶ᠃      ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠭᠥᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠤᠨ ᠳᠣᠲᠣᠷ᠎ᠠ᠂ ᠨᠢᠭᠡ ᠡᠳᠦᠷ ᠤᠨ ᠵᠢᠭᠤᠯᠴᠢᠯᠠᠭᠴᠢᠳ ᠤᠨ ᠭᠥᠯᠢᠶᠡᠨ ᠠᠪᠤᠭᠰᠠᠨ ᠬᠡᠮᠵᠢᠶ᠎ᠡ ᠨᠢ 315.73 ᠲᠦᠮᠡᠨ ᠬᠥᠮᠦᠨ ᠤᠳᠠᠭ᠎ᠠ ᠬᠦᠷᠴᠦ᠂ ᠶᠡᠷᠦᠩᠬᠡᠶ ᠵᠢᠭᠤᠯᠴᠢᠯᠠᠭᠴᠢᠳ ᠤᠨ ᠭᠥᠯᠢᠶᠡᠨ ᠠᠪᠤᠭᠰᠠᠨ ᠬᠡᠮᠵᠢᠶ᠎ᠡ ᠶᠢᠨ 64.89% ᠶᠢ ᠡᠵᠡᠯᠡᠪᠡ᠃ ᠬᠤᠨᠤᠭ ᠤᠨ ᠵᠢᠭᠤᠯᠴᠢᠯᠠᠭᠴᠢᠳ ᠢ 170.85 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠶᠡᠷᠦᠩᠬᠡᠢ ᠵᠢᠭᠤᠯᠴᠢᠯᠠᠭᠴᠢᠳ ᠤᠨ ᠭᠥᠯᠢᠶᠡᠨ ᠠᠪᠤᠭᠰᠠᠨ ᠬᠡᠮᠵᠢᠶ᠎ᠡ ᠶᠢᠨ 35.11% ᠶᠢ ᠡᠵᠡᠯᠡᠪᠡ᠃      ᠬᠥᠬᠡᠬᠤᠲᠠ ᠶᠢᠨ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠵᠢᠯᠯᠠᠭᠠᠨ ᠳᠤ ᠭᠤᠷᠪᠠᠨ ᠶᠡᠭᠡ ᠣᠨᠴᠠᠯᠢᠭ ᠢᠯᠡᠷᠡᠪᠡ᠄ ᠨᠢᠭᠡ ᠳᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠰᠢᠨ᠎ᠡ ᠶᠢ ᠡᠭᠦᠳᠦᠨ ᠲᠠᠰ ᠳᠡᠪᠰᠢᠭᠦᠯᠵᠦ᠂ ᠰᠣᠶᠣᠯ ᠤᠨ ᠠᠵᠢᠯᠯᠠᠭ᠎ᠠ ᠭᠤᠶᠢᠳᠠ ᠰᠠᠶᠢᠬᠠᠨ ᠪᠤᠯᠵᠠᠢ᠃  ᠬᠤᠶᠠᠷ ᠲᠤ ᠮᠥᠰᠥ ᠴᠠᠰᠤᠨ ᠤ ᠠᠵᠢᠯᠯᠠᠭ᠎ᠠ ᠡᠯᠪᠡᠭ ᠪᠠᠶᠠᠯᠢᠭ ᠪᠠᠶᠢᠵᠤ᠂ ᠮᠥᠰᠥ ᠴᠠᠰᠤᠨ ᠤ ᠠᠵᠤ ᠠᠬᠤᠶ ᠮᠠᠰᠢ ᠬᠦᠭᠵᠢᠶᠡᠨᠲᠡᠢ ᠪᠤᠯᠵᠠᠢ᠃ ᠭᠤᠷᠪᠠ ᠳᠤ᠂ ᠬᠠᠩᠭᠠᠯᠭ᠎ᠠ ᠶᠢ ᠪᠠᠶᠠᠯᠢᠭᠵᠢᠭᠤᠯᠵᠤ ᠵᠠᠬ᠎ᠠ ᠳᠡᠯᠭᠡᠭᠦᠷ ᠢ ᠭᠦᠭᠵᠢᠭᠡᠨ᠂ ᠤᠠᠯᠨ ᠬᠡᠯᠪᠡᠷᠢ ᠪᠠᠷ ᠬᠡᠷᠡᠭᠯᠡᠭᠡ ᠶᠢ ᠠᠬᠢᠭᠤᠯᠵᠤ ᠬᠦᠲᠦᠯᠪᠡ᠃ ᠪᠥᠬᠦ ᠬᠤᠲᠠ ᠶᠢᠨ ᠡᠯ᠎ᠡ ᠭᠠᠵᠠᠷ ᠤᠨ ᠬᠢᠨ ᠪᠠᠶᠠᠯᠢᠭ ᠰᠠᠶᠢᠬᠠᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠪᠠᠷ ᠳᠠᠮᠵᠢᠭᠤᠯᠤᠨ᠂ ᠬᠤᠳᠠᠯᠳᠤᠭᠠᠨ ᠤ ᠲᠣᠭᠤᠷᠢᠭ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠤᠨᠴᠠᠯᠢᠬᠳᠤ ᠵᠡᠭᠡᠯᠢ ᠭᠤᠳᠤᠮᠵᠢ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠪᠠᠷ ᠠᠴᠢᠶᠠᠯᠠᠪᠤᠷᠢ ᠪᠣᠯᠭᠠᠵᠤ᠂ ᠰᠣᠶᠣᠯ ᠵᠢᠭᠤᠯᠴᠢᠯᠠᠯ ᠬᠤᠳᠠᠯᠳᠤᠭ᠎ᠠ ᠶᠢᠨ ᠭᠦᠨᠵᠡᠭᠡᠶ ᠠᠭᠤᠰᠤᠯᠴᠠᠯ ᠢ ᠳᠥᠯᠭᠢᠨ ᠠᠬᠢᠭᠤᠯᠵᠤ᠂ ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠪᠡ᠃   
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ