ᠰᠤᠷᠪᠤᠯᠵᠢᠯᠠᠬᠴᠢ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠭᠦᠭᠡᠬᠤᠲᠠ | ᠶᠢᠨ ᠠᠮᠤ ᠪᠤᠳᠠᠭᠠᠨ ᠤ ᠤᠨᠠᠯᠲᠠ 38 ᠳ᠋ᠦᠩᠰᠢᠭᠤᠷ ᠵᠢᠩ ᠢ ᠳᠠᠪᠠᠨ ︽ᠬᠤᠷᠢᠨ ᠨᠢᠭᠡᠨ ᠵᠢᠯ ᠳᠠᠷᠠᠭᠠᠯᠠᠨ ᠡᠯᠪᠡᠭ ᠬᠤᠷᠢᠶᠠᠯᠲᠠ︾ ᠣᠯᠵᠤ᠂ ᠠᠮᠤ ᠪᠤᠳᠠᠭᠠᠨ ᠤ | ᠲᠠᠷᠢᠮᠠᠯ ᠤᠨ ᠲᠠᠯᠠᠪᠠᠢ᠂ ᠶᠡᠷᠦᠩᠬᠡᠢ ᠤᠨᠠᠯᠲᠠ ᠪᠠ ᠮᠦ ᠨᠢᠭᠡᠴᠢ ᠶᠢᠨ ᠤᠨᠠᠯᠲᠠ ᠴᠥᠮ ᠲᠣᠭᠲᠠᠭᠤᠨ ᠢᠶᠠᠷ ᠳᠡᠭᠡᠭᠰᠢᠯᠡᠪᠡ᠃ | ᠡᠨᠡ ᠵᠢᠯ ᠭᠦᠭᠡᠬᠤᠲᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠨ᠂ | ︽ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ | ᠪᠠᠶᠢᠯᠳᠤᠬᠤ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ︽ᠲᠠᠪᠤᠨ ᠰᠠᠶᠢᠨ︾ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠠᠬᠢᠭᠤᠯᠤᠨ᠂ 6.24 ᠳ᠋ᠦᠩᠰᠢᠭᠤᠷ | ᠲᠥᠭᠦᠷᠢᠭ ᠤᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠨᠥᠬᠦᠪᠦᠷᠢ ᠶᠢ ᠴᠠᠭ ᠲᠤᠬᠠᠢ ᠳᠤᠨᠢ ᠪᠠᠭᠤᠯᠭᠠᠵᠤ᠂ ᠮᠦ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠭᠦ ᠮᠡᠷᠭᠡᠵᠢᠯ ᠢ ᠶᠡᠭᠡ ᠬᠡᠪᠴᠢᠶ᠎ᠡ ᠪᠠᠷ ᠳᠡᠯᠭᠡᠷᠡᠭᠦᠯᠦᠨ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ ᠠᠮᠤ | ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠶᠢ ᠪᠠᠲᠤᠯᠠᠪᠠ᠃ ᠪᠦᠷᠢᠳᠬᠡᠯ ᠢ ᠦᠨᠳᠦᠰᠦᠯᠡᠪᠡᠯ᠂ 2024 ᠣᠨ ᠳᠤ ᠭᠦᠭᠡᠬᠤᠲᠠ ᠶᠢᠨ ᠠᠮᠤ ᠪᠤᠳᠠᠭᠠᠨ ᠤ ᠲᠠᠷᠢᠮᠠᠯ | ᠤᠨ ᠲᠠᠯᠠᠪᠠᠶ 509.8 ᠲᠦᠮᠡᠨ ᠮᠦ ᠳᠤ ᠬᠦᠷᠴᠦ᠂ 2023 ᠣᠨ ᠤ ᠬᠢ ᠠᠴᠠ 4.6 ᠲᠦᠮᠡᠨ ᠮᠦ ᠨᠡᠮᠡᠭᠳᠡᠪᠡ᠃ ᠠᠮᠤ ᠪᠤᠳᠠᠭᠠᠨ ᠤ ᠤᠨᠠᠯᠲᠠ 38.98 | ᠳ᠋ᠦᠩᠰᠢᠭᠤᠷ ᠵᠢᠩ ᠳᠤ ᠬᠦᠷᠴᠦ᠂ 2023 ᠣᠨ ᠤ ᠬᠢ ᠠᠴᠠ 1.14 ᠳ᠋ᠦᠩᠰᠢᠭᠤᠷ ᠵᠢᠩ ᠨᠡᠮᠡᠭᠳᠡᠵᠡᠢ᠃ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ | ᠶᠢᠨ ᠤᠨᠠᠯᠲᠠ 764.8 ᠵᠢᠩ ᠳᠤ ᠬᠦᠷᠴᠦ᠂ 2023 ᠣᠨ ᠤ ᠬᠢ ᠠᠴᠠ 15.7 ᠵᠢᠩ ᠨᠡᠮᠡᠭᠳᠡᠭᠰᠡᠨ ᠪᠠᠶᠢᠨ᠎ᠠ᠃ |