ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠶᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ | ᠪᠦᠯᠢ ᠶᠢᠨ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ ᠡᠨᠡ ᠵᠢᠯ ᠤᠨ 1 ᠰᠠᠷ᠎ᠠ ᠳᠤ᠂ ᠭᠦᠭᠡᠬᠤᠲᠠ ᠶᠢᠨ ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠲᠥᠪ ᠠᠴᠠ ᠪᠦᠭᠦ ᠬᠤᠲᠠ ᠶᠢᠨ ᠬᠡᠪᠴᠢᠶᠡᠨ ᠳᠤ ᠪᠦᠬᠦᠯᠢ 18 ᠨᠠᠰᠤ ᠭᠦᠷᠦᠭᠡᠳᠦᠢ ᠲᠠᠩᠰᠠᠨ ᠳᠤ ᠪᠠᠶᠢᠭ᠎ᠠ ᠬᠦᠴᠢᠷᠳᠡᠯ ᠳᠤ | ᠲᠤᠯᠭᠠᠷᠠᠭᠰᠠᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠢᠴᠢ ᠲᠠᠷᠠᠬᠠᠢ ᠪᠤᠲᠠᠷᠬᠠᠢ ᠰᠠᠭᠤᠷᠢᠰᠢᠵᠤ ᠪᠠᠶᠢᠭ᠎ᠠ ᠥᠨᠥᠴᠢᠨ ᠬᠡᠦᠬᠡᠳ ᠤᠨ | ᠭᠡᠷ ᠪᠦᠯᠢ ᠶᠢᠨ ᠬᠢᠨᠠᠨ ᠬᠠᠮᠠᠭᠠᠯᠠᠬᠤ ᠴᠢᠳᠠᠪᠤᠷᠢ ᠳᠤ ᠦᠨᠡᠯᠡᠨ ᠵᠢᠱᠢᠯᠲᠡ ᠬᠢᠪᠡ᠃ ᠣᠳᠣᠬᠠᠨ ᠪᠤᠯᠲᠠᠯ᠎ᠠ ᠭᠦᠭᠡᠬᠤᠲᠠ ᠨᠢᠭᠡᠨᠲᠡ 604 ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠬᠢᠨᠠᠨ ᠬᠠᠮᠠᠭᠠᠯᠠᠬᠤ ᠴᠢᠳᠠᠪᠤᠷᠢ ᠳᠤ ᠦᠨᠡᠯᠡᠨ ᠵᠢᠱᠢᠯᠲᠡ ᠬᠢᠵᠡᠢ᠃ | ᠨᠡᠶᠢᠭᠡᠮ ᠤᠨ ᠠᠵᠢᠯ ᠤᠨ ᠪᠠᠶᠢᠭᠤᠯᠤᠮᠵᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠨ ᠳᠤ ᠥᠯᠥ ᠭᠦᠷᠦᠭᠰᠡᠳ ᠢ | ᠬᠠᠷᠠᠭᠠᠯᠵᠠᠨ ᠬᠠᠮᠠᠭᠠᠯᠠᠬᠤ ᠲᠤᠬᠠᠢ ᠦᠨᠡᠯᠡᠨ ᠵᠢᠱᠢᠬᠦ ᠠᠷᠭ᠎ᠠ︾ ᠶᠢᠨ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠱᠠᠭᠠᠷᠳᠠᠯᠭ᠎ᠠ ᠳᠤ ᠨᠡᠶᠢᠴᠡᠭᠰᠡᠨ | ᠠᠵᠢᠯᠲᠠᠨ ᠢ ᠰᠣᠩᠭᠤᠨ ᠲᠣᠮᠢᠯᠠᠵᠤ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠭᠦᠨᠵᠡᠭᠡᠶᠢᠷᠡᠨ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠪᠠᠶᠢᠭ᠎ᠠ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠵᠢᠴᠢ ᠬᠠᠷᠠᠭᠠᠯᠵᠠᠨ ᠬᠠᠮᠠᠭᠠᠯᠠᠬᠤ ᠶᠠᠰᠤ ᠴᠢᠨᠠᠷ ᠲᠤ ᠬᠤᠪᠢ ᠲᠣᠭᠲᠠᠭᠠᠵᠤ᠂ | ᠲᠦᠭᠰᠢᠭᠦᠷᠢ ᠶᠢᠨ ᠲᠠᠰ ᠢ ᠦᠨᠡᠯᠡᠨ ᠲᠣᠭᠲᠠᠭᠠᠬᠤ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠵᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠳᠤ | ᠦᠨᠳᠦᠰᠦᠯᠡᠯ ᠬᠠᠩᠭᠠᠵᠠᠢ᠃ | ᠦᠨᠡᠯᠡᠨ ᠵᠢᠱᠢᠯᠲᠡ ᠳᠤ ᠢᠯᠡᠷᠡᠭᠦᠯᠦᠭᠰᠡᠨ ᠢᠶᠠᠷ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠬᠢᠨ ᠬᠢᠨᠠᠨ ᠬᠠᠮᠠᠭᠠᠯᠠᠬᠤ ᠲᠠᠯ᠎ᠠ ᠪᠠᠷ | ᠮᠥᠨ ᠯᠡ ᠵᠠᠷᠢᠮ ᠨᠡᠶᠢᠳᠡᠮ ᠤᠨ ᠴᠢᠨᠠᠷᠲᠠᠢ ᠪᠡᠷᠬᠡ ᠰᠡᠳᠦᠪ ᠲᠤ ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠬᠢᠨᠠᠨ ᠬᠠᠮᠠᠭᠠᠯᠠᠭᠴᠢ ᠶᠢᠨ ᠰᠣᠶᠣᠯ ᠤᠨ ᠬᠡᠮᠵᠢᠶ᠎ᠡ | ᠨᠡᠯᠢᠶᠡᠳ ᠳᠣᠣᠷ᠎ᠠ᠂ ᠦᠶ᠎ᠡ ᠠᠯᠤᠰᠯᠠᠨ ᠠᠰᠠᠷᠠᠨ ᠲᠡᠵᠢᠭᠡᠬᠦ ᠪᠠᠶᠢᠳᠠᠯ ᠣᠯᠠᠨ ᠪᠠᠶᠢᠵᠤ᠂ ᠨᠠᠰᠤᠨ ᠳᠤ ᠥᠯᠥ ᠭᠦᠷᠦᠭᠰᠡᠳ ᠤᠨ ᠠᠯᠤᠰ ᠭᠡᠲᠦ ᠶᠢᠨ | ᠬᠥᠭᠵᠢᠯᠲᠡ ᠳᠤ ᠠᠰᠢᠭᠲᠠᠢ ᠪᠦᠲᠦᠮᠵᠢᠲᠡᠶ ᠬᠢᠨᠠᠨ ᠬᠠᠮᠠᠭᠠᠯᠠᠯᠲᠠ ᠶᠢ ᠬᠠᠩᠭᠠᠬᠤ ᠳᠤ ᠬᠦᠴᠢᠷᠲᠡᠢ ᠪᠠᠶᠢᠨ᠎ᠠ᠃ ᠡᠲᠡᠭᠡᠷ ᠠᠰᠠᠭᠤᠳᠠᠯ ᠳᠤ ᠴᠢᠭᠯᠡᠭᠦᠯᠦᠨ | ᠭᠦᠭᠡᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠠᠴᠠ ᠴᠠᠭ ᠲᠤᠬᠠᠢ ᠳᠤᠨᠢ ᠬᠢᠨᠠᠨ ᠬᠠᠮᠠᠭᠠᠯᠠᠭᠴᠢ ᠶᠢᠨ ᠲᠤᠰᠬᠠᠢ ᠮᠡᠷᠭᠡᠵᠢᠯ ᠤᠨ | ᠰᠠᠨᠠᠭᠤᠯᠭ᠎ᠠ ᠪᠠ ᠵᠢᠯᠣᠭᠤᠳᠤᠯᠭ᠎ᠠ ᠬᠠᠩᠭᠠᠪᠠ᠃ ᠣᠳᠣᠬᠠᠨ ᠳᠤ ᠲᠣᠰ ᠲᠥᠪ ᠨᠢ ᠦᠨᠡᠯᠡᠨ ᠵᠢᠱᠢᠭᠰᠡᠨ ᠦᠷ᠎ᠡ ᠳ᠋ᠦᠩ ᠢ ᠲᠥᠷᠥᠯ ᠬᠤᠪᠢᠶᠠᠨ ᠡᠮᠬᠢᠯᠡᠵᠦ᠂ | ᠲᠤᠰᠬᠠᠢ ᠮᠡᠷᠭᠡᠵᠢᠯ ᠤᠨ ᠴᠢᠳᠠᠪᠤᠷᠢ ᠲᠠᠢ ᠰᠠᠶᠢᠨ ᠳᠤᠷᠠᠴᠤᠳ ᠵᠢᠴᠢ ᠨᠡᠶᠢᠭᠡᠮ ᠤᠨ ᠡᠬᠢ ᠪᠠᠶᠠᠯᠢᠭ ᠲᠠᠢ ᠢᠳᠡᠪᠬᠢᠲᠡᠢ ᠬᠠᠷᠢᠯᠴᠠᠵᠤ᠂ ᠠᠳᠠᠯᠢ ᠪᠤᠰᠤ ᠲᠥᠷᠥᠯ | ᠭᠡᠯᠪᠡᠷᠢ ᠶᠢᠨ ᠭᠡᠷ ᠪᠦᠯᠢ ᠳᠤ ᠬᠠᠨᠳᠤᠯᠭᠠᠲᠤ ᠴᠢᠨᠠᠷᠲᠠᠢ ᠬᠠᠪᠰᠤᠷᠤᠯᠭ᠎ᠠ ᠪᠠ ᠳᠡᠮᠵᠢᠯᠭᠡ ᠦᠵᠡᠭᠦᠯᠵᠦ ᠪᠠᠶᠢᠨ᠎ᠠ᠃ ᠡᠭᠦᠨ ᠤ ᠬᠠᠮᠲᠤ ᠭᠡᠷ ᠪᠦᠯᠢ ᠶᠢᠨ ᠬᠠᠷᠠᠭᠠᠯᠵᠠᠨ | ᠬᠠᠮᠠᠭᠠᠯᠠᠵᠤ ᠬᠠᠮᠢᠶᠠᠷᠬᠤ ᠪᠠᠷ ᠭᠤᠣᠯ ᠪᠤᠯᠭᠠᠬᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠵᠠᠭᠪᠤᠷ ᠢ ᠪᠠᠶᠢᠭᠤᠯᠵᠤ᠂ ᠬᠠᠷᠠᠭᠠᠯᠵᠠᠨ | ᠬᠠᠮᠠᠭᠠᠯᠠᠭᠴᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠪᠦᠭᠦ ᠲᠠᠯ᠎ᠠ ᠶᠢᠨ | ᠬᠥᠭᠵᠢᠯᠲᠡ ᠶᠢ ᠦᠨᠡᠨ ᠬᠦ ᠪᠠᠲᠤᠯᠠᠬᠤ ᠪᠣᠯᠣᠨ᠎ᠠ᠃ |