ᠰᠤᠷᠭᠠᠭᠤᠯᠢ ᠣᠷᠣᠨ ᠨᠤᠲᠤᠭ ᠬᠦᠷᠢᠶᠡᠯᠡᠩ ᠬᠠᠮᠲᠤᠷᠠᠨ ᠰᠠᠨᠰᠠᠷ ᠤᠨ ᠠᠶᠠᠯᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠᠷ ᠪᠣᠯᠣᠯ᠎ᠠ
ᠨᠡᠶᠢᠲᠡᠯᠡᠭᠰᠡᠨ ᠴᠠᠭ᠄
2025/2/8
      ᠲᠦᠷᠦᠭᠦᠬᠡᠨ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠬᠠᠮᠲᠤᠷᠠᠨ ᠠᠵᠢᠯᠯᠠᠬᠤ ᠭᠡᠷ᠎ᠡ ᠲᠣᠭᠲᠠᠬᠤ ᠠᠵᠢᠯᠯᠠᠭ᠎ᠠ ᠭᠦᠭᠡᠬᠤᠳᠠ ᠳᠤ ᠶᠠᠪᠤᠭᠳᠠᠪᠠ᠃      ᠠᠵᠢᠯᠯᠠᠭ᠎ᠠ ᠳᠤᠮᠳᠠ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠥᠪᠥᠷ ᠮᠣᠩᠭᠤᠯ ᠤᠨ ᠶᠡᠭᠡ ᠰᠤᠷᠭᠠᠭᠤᠯᠢ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂ ᠥᠪᠥᠷ ᠮᠣᠩᠭᠤᠯ ᠤᠨ ᠶᠡᠭᠡ ᠰᠤᠷᠭᠠᠭᠤᠯᠢ ᠨᠢ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠯᠦᠭᠡ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠨᠰᠠᠷ ᠤᠨ ᠠᠶᠠᠯᠠᠯ ᠤᠨ ᠰᠤᠳᠤᠯᠭᠠᠨ ᠤ ᠬᠦᠷᠢᠶᠡᠯᠡᠩ ᠢ ᠬᠠᠮᠲᠤ ᠪᠠᠷ ᠪᠠᠶᠢᠭᠤᠯᠬᠤ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠣᠬᠢᠷᠠᠯᠴᠠᠪᠠ᠃      ᠵᠥᠪᠯᠡᠯᠴᠡᠭᠡᠷ ᠢ ᠦᠨᠳᠦᠰᠦᠯᠡᠪᠡᠯ᠂ ᠥᠪᠥᠷ ᠮᠣᠩᠭᠤᠯ ᠤᠨ ᠶᠡᠭᠡ ᠰᠤᠷᠭᠠᠭᠤᠯᠢ ᠬᠢᠭᠡᠳ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ ᠰᠤᠷᠭᠠᠭᠤᠯᠢ ᠡᠷᠭᠢᠯᠡᠭᠦ ᠣᠷᠣᠨ ᠵᠠᠢ᠂ ᠴᠢᠳᠠᠪᠤᠷᠢᠲᠠᠨ ᠬᠥᠮᠥᠵᠢᠭᠦᠯᠬᠦ ᠪᠠ ᠠᠵᠢᠯ ᠣᠯᠭᠤᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠠᠪᠴᠠᠩ ᠬᠢᠭᠡᠳ ᠬᠠᠮᠵᠢᠯᠴᠠᠨ ᠰᠢᠨ᠎ᠡ ᠶᠢ ᠡᠭᠦᠳᠬᠦ᠂ ᠰᠠᠨᠰᠠᠷ ᠤᠨ ᠠᠶᠠᠯᠠᠯ ᠤᠨ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠯᠲᠠ᠂ ᠠᠨᠠᠭᠠᠬᠤ ᠤᠬᠠᠭᠠᠨ ᠰᠤᠷᠭᠠᠨ ᠬᠥᠮᠦᠵᠢᠯ ᠤᠨ ᠬᠠᠮᠵᠢᠯᠴᠠᠭ᠎ᠠ ᠵᠡᠷᠭᠡ ᠲᠠᠯ᠎ᠠ ᠪᠠᠷ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠦᠨ᠎ᠡ᠃ ᠲᠣᠰ ᠤᠳᠠᠭᠠᠨ ᠤ ᠭᠡᠷ᠎ᠡ ᠲᠣᠬᠢᠷᠠᠯᠴᠠᠭᠰᠠᠨ ᠨᠢ ᠰᠤᠷᠭᠠᠭᠤᠯᠢ ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ  ᠲᠦᠪᠰᠢᠨ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠤᠲᠠ ᠪᠠ ᠰᠤᠷᠭᠠᠭᠤᠯᠢ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠪᠤᠶ ᠪᠤᠯᠭᠠᠬᠤ ᠲᠠᠯ᠎ᠠ ᠪᠠᠷ ᠰᠢᠨ᠎ᠡ ᠬᠠᠶᠢᠨ ᠰᠦᠪᠡᠭᠴᠢᠯᠡᠯᠲᠡ ᠪᠣᠯᠤᠭᠰᠠᠨ ᠪᠠᠶᠢᠨ᠎ᠠ᠃      ᠰᠠᠨᠠᠮᠵᠢ ᠶᠢᠨ ᠪᠢᠴᠢᠭ ᠲᠤ ᠲᠣᠬᠢᠷᠠᠯᠴᠠᠭᠰᠠᠨ ᠢᠶᠠᠷ ᠥᠪᠥᠷ ᠮᠣᠩᠭᠤᠯ ᠤᠨ ᠶᠡᠭᠡ ᠰᠤᠷᠭᠠᠭᠤᠯᠢ᠂ ᠭᠦᠭᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠭᠤᠷᠪᠠᠨ ᠲᠠᠯ᠎ᠠ ᠶᠢᠨ ᠬᠢᠨ ᠬᠠᠮᠲᠤ ᠪᠠᠷ ᠴᠢᠷᠮᠠᠶᠢᠵᠤ᠂ ᠰᠠᠨᠰᠠᠷ ᠤᠨ ᠠᠶᠠᠯᠠᠯ ᠤᠨ ᠰᠤᠳᠤᠯᠭᠠᠨ ᠤ ᠬᠦᠷᠢᠶᠡᠯᠡᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠠᠨᠰᠠᠷ ᠤᠨ ᠠᠶᠠᠯᠠᠯ ᠤᠨ  ᠴᠢᠳᠠᠪᠤᠷᠢᠲᠠᠨ ᠢ ᠴᠢᠷᠮᠠᠶᠢᠨ ᠬᠥᠮᠥᠵᠢᠭᠦᠯᠬᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠣᠨᠢᠨ ᠮᠡᠳᠡᠭᠡᠨ ᠤ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ