ᠬᠤᠲᠠ ᠶᠢᠨ ᠨᠠᠮ ᠤᠨ ᠬᠤᠷᠢᠶ᠎ᠠ 2024 ᠣᠨ ᠤ ᠬᠢᠨᠠᠨ ᠰᠢᠯᠭᠠᠭᠰᠠᠨ ᠪᠠᠶᠢᠳᠠᠯ ᠤᠨ ᠬᠠᠷᠢᠭᠤ ᠲᠤᠰᠬᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/10
ᠪᠣᠣ ᠭᠠᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ      ( ᠰᠤᠷᠪᠤᠯᠵᠢᠯᠠᠭᠴᠢ ᠶᠦᠨ ᠵᠢᠩ ) 3 ᠳ᠋ᠤᠭᠠᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ  ᠶᠢᠨ ᠨᠠᠮ ᠤᠨ ᠬᠤᠷᠢᠶᠠᠨ ᠤ ᠱᠦᠵᠢ ᠪᠣᠣ ᠭᠠᠩ 2024 ᠣᠨ ᠤ ᠬᠢᠨᠠᠨ ᠰᠢᠯᠭᠠᠭᠰᠠᠨ ᠪᠠᠶᠢᠳᠠᠯ ᠤᠨ ᠬᠠᠷᠢᠭᠤ ᠲᠤᠰᠬᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠪᠣᠳᠠᠲᠠᠶ ᠠᠵᠢᠯᠯᠠᠬᠤ ᠶᠢ ᠴᠢᠬᠤᠯᠠᠴᠢᠯᠠᠵᠤ ᠪᠣᠳᠠᠲᠤ ᠠᠮᠵᠢᠯᠲᠠ ᠶᠢ ᠴᠢᠬᠤᠯᠠᠴᠢᠯᠠᠬᠤ ᠤᠳᠤᠷᠢᠳᠤᠮᠵᠢ ᠶᠢ ᠦᠨᠡᠨ ᠬᠦ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ ᠃       ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠢ ᡂᠢ ᠬᠤᠲᠠ ᠶᠢᠨ ᠨᠠᠮ  ᠤᠨ ᠬᠤᠷᠢᠶᠠᠨ ᠤ ᠬᠠᠮᠢᠶᠠᠷᠴᠤ ᠪᠠᠶᠢᠭ᠎ᠠ ᠤᠳᠤᠷᠢᠳᠬᠤ ᠪᠠᠭ ᠤᠨ 2024 ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠤᠲᠠ ᠶᠢᠨ ᠤᠳᠤᠷᠢᠳᠤᠯᠭ᠎ᠠ ᠪᠣᠯᠤᠨ ᠡᠯ᠎ᠡ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ ᠲᠤ ᠬᠢᠨᠠᠨ ᠰᠢᠯᠭᠠᠯᠲᠠ ᠳᠤ  ᠢᠯᠡᠷᠡᠭᠰᠡᠨ ᠠᠰᠠᠭᠤᠳᠠᠯ ᠢ ᠬᠠᠷᠢᠭᠤ ᠲᠤᠰᠬᠠᠪᠠ᠂ ᠪᠣᠣ ᠭᠠᠩ ᠨᠢᠭᠡᠳ ᠨᠢᠭᠡ ᠪᠠᠷ ᠦᠨᠡᠯᠡᠯᠲᠡ ᠬᠢᠪᠠ ᠃       ᠪᠣᠣ ᠭᠠᠩ ᠴᠢᠬᠤᠯᠠᠴᠢᠯᠠᠬᠤ ᠳᠠᠭᠠᠨ᠂ ᠬᠢᠨᠠᠨ ᠰᠢᠯᠭᠠᠬᠤ ᠪᠣᠯ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ᠂ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠮᠥᠨ᠃《 ᠨᠠᠮ ᠵᠠᠰᠠᠭ ᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠤᠨ ᠲᠦᠷᠢᠮ 》 ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠺᠠᠳ᠋ᠷ ᠢ ᠬᠢᠨᠠᠨ ᠰᠢᠯᠭᠠᠬᠤ ᠶᠢᠨ ᠳᠣᠬᠢᠭᠤᠷ᠂ ᠵᠦᠭᠯᠡᠭᠦᠷ᠂ ᠲᠦᠯᠬᠢᠭᠴᠢ ᠶᠢᠨ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠵᠤ᠂ ᠥᠷᠭᠡᠨ ᠤᠯᠠᠨ ᠺᠠᠳ᠋ᠷ ᠤᠨ ᠨᠡᠩ ᠰᠠᠶᠢᠨ ᠪᠠᠶᠢᠳᠠᠯ᠂ ᠨᠡᠩ ᠪᠣᠳᠠᠲᠠᠢ ᠰᠤᠷᠲᠠᠯ ᠢᠶᠠᠷ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠪᠣᠳᠠᠲᠠᠢ ᠠᠵᠢᠯᠯᠠᠵᠤ ᠪᠣᠳᠠᠲᠤ ᠠᠮᠵᠢᠯᠲᠠ ᠭᠠᠷᠭᠠᠬᠤ ᠶᠢ ᠨᠡᠩ ᠲᠤᠪᠤᠶᠢᠯᠭᠠᠵᠤ᠂ ᠰᠠᠶᠢᠨ ᠮᠠᠭᠤ ᠶᠢ ᠢᠯᠭᠠᠬᠤ᠂ ᠰᠠᠶᠢᠨ ᠢ ᠨᠢ ᠱᠠᠩᠨᠠᠵᠤ ᠮᠠᠭᠤ ᠶᠢ ᠨᠢ ᠲᠣᠷᠭᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ᠂ ᠬᠥᠭᠵᠢᠯᠲᠡ ᠶᠢ ᠠᠬᠢᠭᠤᠯᠬᠤ ᠪᠠᠷ ᠺᠠᠳ᠋ᠷ ᠢ ᠬᠢᠨᠠᠨ ᠰᠢᠯᠭᠠᠬᠤ ᠠᠵᠢᠯ ᠤᠨ ᠦᠨᠳᠦᠰᠦᠨ ᠡᠭᠦᠷᠭᠡ ᠪᠣᠯᠭᠠᠵᠤ᠂ ᠦᠷ᠎ᠡ ᠳ᠋ᠦᠩ ᠢᠶᠠᠷ ᠨᠢ ᠰᠢᠯᠭᠠᠨ᠂ ᠪᠣᠳᠠᠲᠤ ᠦᠷ᠎ᠡ ᠪᠦᠲᠦᠮᠵᠢ ᠪᠠᠷ ᠨᠢ ᠦᠨᠡᠯᠡᠬᠦ ᠬᠡᠷᠡᠭᠲᠡᠢ᠃ ᠬᠢᠨᠠᠨ ᠰᠢᠯᠭᠠᠭᠰᠠᠨ ᠦᠷ᠎ᠡ ᠳ᠋ᠦᠩ ᠢ ᠵᠠᠳᠠᠯᠤᠨ ᠬᠡᠷᠡᠭᠯᠡᠬᠦ ᠶᠢ ᠴᠢᠩᠭᠠᠳᠬᠠᠵᠤ᠂ ᠢᠯᠡᠷᠡᠭᠦᠯᠦᠭᠰᠡᠨ ᠠᠰᠠᠭᠤᠳᠠᠯ ᠢ ᠲᠤᠭᠤᠰᠢᠲᠠᠢ ᠰᠢᠢᠳᠪᠦᠷᠢᠯᠡᠵᠦ᠂ ᠬᠢᠨᠠᠨ ᠰᠢᠯᠭᠠᠭᠰᠠᠨ ᠦᠷ᠎ᠡ ᠳ᠋ᠦᠩ ᠢ ᠲᠤᠭᠤᠰᠢᠲᠠᠢ ᠨᠠᠶᠢᠳᠠᠪᠤᠷᠢᠵᠢᠭᠤᠯᠵᠤ᠂ ᠬᠥᠮᠦᠨ ᠰᠣᠩᠭᠤᠵᠤ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠺᠠᠳ᠋ᠷ ᠤᠨ ᠲᠠᠪᠰᠢᠵᠤ ᠪᠠᠭᠤᠵᠤ ᠪᠦᠷ ᠪᠣᠯᠬᠤ ᠶᠢ ᠠᠬᠢᠭᠤᠯᠵᠤ᠂  ᠴᠢᠳᠠᠪᠤᠷᠢᠲᠠᠢ ᠶᠢ ᠨᠢ ᠳᠡᠪᠰᠢᠭᠦᠯᠵᠦ᠂ ᠰᠢᠯᠢᠳᠡᠭ ᠢ ᠨᠢ ᠱᠠᠩᠨᠠᠵᠤ᠂ ᠴᠢᠳᠠᠪᠤᠷᠢ ᠦᠭᠡᠢ ᠶᠢ ᠨᠢ ᠪᠠᠭᠤᠯᠭᠠᠵᠤ᠂ ᠮᠠᠭᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠤᠷᠮ᠎ᠠ ᠵᠣᠷᠢᠭ ᠢ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ