ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2025/3/10
ᠪᠣᠣ ᠭᠠᠩ ᠣᠷᠣᠯᠴᠠᠪᠠ      ( ᠰᠤᠷᠪᠤᠯᠵᠢᠯᠠᠭᠴᠢ ᠯᠢᠶᠠᠩ ᠵᠢᠩ ᠱᠤ᠋ ᠳᠠᠳᠤᠯᠭ᠎ᠠ ᠶᠢᠨ ᠰᠤᠷᠪᠤᠯᠵᠢᠯᠠᠭᠴᠢ ᠶᠠᠩ ᠴᠧᠩ ᠬᠤᠤ ) 3 ᠳ᠋ᠤᠭᠠᠷ ᠰᠠᠷ᠎ᠠ ᠶᠢᠨ 9 ᠤ ᠡᠳᠦᠷ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ ᠤᠨ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠬᠥᠬᠡᠬᠤᠲᠠ ᠳᠤ ᠰᠠᠭᠤᠷᠢ ᠲᠠᠯᠪᠢᠬᠤ ᠶᠣᠰᠣᠯᠠᠯ ᠶᠠᠪᠤᠭᠤᠯᠪᠠ ᠃ ᠲᠣᠰ ᠲᠥᠷᠥᠯ ᠵᠦᠶᠯ ᠨᠢ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠥᠷᠭᠡᠳᠬᠡᠨ ᠦᠨᠳᠦᠰᠦᠨ ᠱᠠᠲᠤᠨ ᠳᠤ ᠪᠠᠭᠤᠯᠭᠠᠬᠤ ᠶᠢ ᠬᠦᠴᠦᠲᠡᠶ ᠠᠬᠢᠭᠤᠯᠵᠤ᠂ ᠣᠯᠠᠨ ᠲᠦᠮᠡᠨ ᠤ ᠣᠷᠣᠨ ᠪᠦᠰᠡ ᠠᠯᠤᠰᠯᠠᠨ ᠡᠪᠡᠳᠴᠢᠨ ᠦᠵᠡᠭᠦᠯᠬᠦ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠭᠰᠡᠨ ᠢᠶᠠᠷ ᠪᠠᠷᠠᠬᠤ ᠥᠬᠡᠶ ᠪᠠᠰᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠮᠠᠨ ᠤ ᠬᠤᠲᠠ  ᠶᠢᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠃       ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠪᠣᠣ ᠭᠠᠩ ᠣᠷᠣᠯᠴᠠᠭᠰᠠᠨ ᠪᠥᠭᠡᠳ ᠪᠠᠷᠢᠯᠭ᠎ᠠ ᠡᠬᠢᠯᠡᠭᠰᠡᠨ ᠢ ᠵᠠᠷᠯᠠᠵᠤ᠂ ᠪᠡᠭᠡᠵᠢᠩ ᠬᠤᠲᠠ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠲᠥᠪ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠡᠷᠬᠢᠯᠡᠭᠴᠢ ᠹᠠᠨ ᠱᠢ ᠮᠢᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠶᠦᠩ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠡᠵᠡᠩᠨᠡᠯᠲᠡ ᠶᠢᠨ ᠪᠤᠰᠤ ᠴᠢᠨᠠᠷᠲᠠᠶ ᠲᠥᠷᠥᠯ ᠵᠦᠶᠯ ᠤᠨ ᠣᠷᠣᠯᠠᠨ ᠪᠠᠶᠢᠭᠤᠯᠬᠤ ᠲᠥᠪ ᠤᠨ ᠡᠷᠬᠢᠯᠡᠭᠴᠢ ᠯᠢᠦ ᠸᠧᠨ ᠢᠦᠢ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠦᠬᠦᠷᠯᠡᠯ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠷᠢᠶᠠᠨ ᠳᠠᠷᠤᠭ᠎ᠠ ᠵᠠᠩ ᠱᠤ᠋ ᠲᠢᠶᠠᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠵᠠᠬᠢᠷᠤᠯ᠂ ᠥᠪᠥᠷ ᠮᠣᠩᠭᠤᠯ ᠤᠨ ᠠᠨᠠᠭᠠᠬᠤ ᠤᠬᠠᠭᠠᠨ  ᠤ ᠶᠡᠭᠡ ᠰᠤᠷᠭᠠᠭᠤᠯᠢ ᠶᠢᠨ ᠵᠠᠬᠢᠷᠤᠯ ᠵᠠᠩ ᠴᠧᠨ᠂ ᠬᠤᠲᠠ ᠶᠢᠨ ᠳᠡᠳ᠋ ᠳᠠᠷᠤᠭ᠎ᠠ ᠵᠢᠶᠤᠤ ᠬᠤᠩ ᠣᠷᠣᠯᠴᠠᠵᠠᠶ ᠃       ᠣᠶᠢᠯᠠᠭᠠᠭᠰᠠᠨ ᠢᠶᠠᠷ᠂ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠥᠪᠥᠷ ᠮᠣᠩᠭᠤᠯ  ᠤᠨ ᠡᠮᠨᠡᠯᠭᠡ ᠶᠢᠨ ᠬᠤᠷᠢᠶ᠎ᠠ ᠪᠣᠯ ᠲᠠᠪᠤᠳᠤᠭᠠᠷ ᠪᠦᠯᠦᠭ ᠤᠨ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠪᠣᠯᠤᠨ᠎ᠠ᠂ ᠰᠠᠶᠢᠬᠠᠨ ᠲᠣᠭᠤᠷᠢᠭ ᠤᠨ ᠰᠢᠯᠠᠷᠳᠠᠢ ᠭᠠᠵᠠᠷ ᠳᠣᠤᠷᠠᠬᠢ ᠲᠡᠮᠦᠷ ᠵᠠᠮ ᠤᠨ ᠥᠷᠲᠡᠭᠡ ᠶᠢᠨ ᠵᠡᠭᠦᠨ ᠬᠤᠶᠢᠨ᠎ᠠ ᠪᠠᠶᠢᠷᠢᠯᠠᠵᠤ᠂ ᠪᠠᠷᠢᠯᠭ᠎ᠠ ᠶᠢᠨ ᠶᠡᠷᠦᠩᠬᠡᠶ ᠲᠠᠯᠠᠪᠠᠶ ᠨᠢ 191416 ᠲᠡᠭᠰᠢ ᠳᠥᠷᠪᠡᠯᠵᠢᠨ ᠮᠧᠲᠷ ᠪᠠᠶᠢᠵᠤ᠂ 1000 ᠡᠪᠡᠳᠴᠢᠲᠡᠨ ᠤ ᠣᠷᠣ ᠲᠣᠬᠢᠷᠠᠭᠤᠯᠵᠤ᠂ ᠭᠤᠤᠯᠳᠠᠭᠤ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ᠂ ᠲᠦᠷᠭᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ᠂ ᠡᠪᠡᠳᠴᠢᠲᠡᠨ ᠤ ᠥᠷᠥᠭᠡ ᠶᠢᠨ ᠠᠰᠠᠷ ᠵᠡᠷᠭᠡ ᠶᠢ ᠪᠠᠶᠢᠭᠤᠯᠵᠤ᠂ ᠵᠢᠱᠢᠯᠲᠡ ᠪᠠᠷ 2027 ᠣᠨ ᠤ ᠡᠴᠦᠰ ᠠᠴᠠ ᠡᠮᠦᠨ᠎ᠡ ᠠᠰᠢᠭᠯᠠᠯᠲᠠ  ᠳᠤ ᠣᠷᠣᠭᠤᠯᠤᠨ᠎ᠠ᠃ ᠲᠤᠰ ᠡᠮᠨᠡᠯᠭᠡ ᠶᠢᠨ ᠬᠤᠷᠢᠶ᠎ᠠ ᠨᠢ ᠨᠡᠶᠢᠰᠯᠡᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠪᠡᠭᠡᠵᠢᠩ ᠤᠨ ᠨᠥᠬᠦᠷᠯᠡᠯ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠵᠠᠭᠪᠤᠷ᠂ ᠰᠢᠨ᠎ᠡ ᠶᠢ ᠡᠭᠦᠳᠬᠦ ᠰᠢᠰᠲ᠋ᠧᠮᠵᠢ ᠪᠣᠯᠤᠨ ᠦᠢᠯᠡᠴᠢᠯᠡᠭᠡᠨ ᠤ ᠶᠠᠰᠤ ᠴᠢᠨᠠᠷ ᠢᠶᠠᠷ ᠪᠦᠬᠦ ᠲᠠᠯ᠎ᠠ ᠶᠢᠨ ᠪᠠᠷᠢᠮᠵᠢᠶ᠎ᠠ ᠪᠤᠯᠭᠠᠵᠤ᠂ ᠰᠢᠩᠭᠡᠭᠡᠯᠲᠡ᠂ ᠡᠩ ᠤᠨ ᠭᠠᠳᠠᠷ ᠡᠮᠨᠡᠯᠭᠡ᠂ ᠰᠢᠭᠡᠰᠦ ᠰᠢᠬᠦᠷᠡᠭᠦᠯᠬᠦ ᠵᠡᠷᠭᠡ ᠲᠤᠰᠬᠠᠢ ᠰᠠᠯᠠᠭ᠎ᠠ ᠪᠠᠷ ᠰᠠᠭᠤᠷᠢ ᠪᠣᠯᠭᠠᠭᠰᠠᠨ᠂ ᠪᠤᠰᠤᠳ ᠲᠤᠰᠬᠠᠢ ᠰᠠᠯᠠᠭ᠎ᠠ ᠶᠢ ᠬᠠᠮᠤᠷᠤᠭᠰᠠᠨ《 3 + N 》 ᠬᠠᠮᠲᠤᠷᠠᠯᠴᠠᠭᠠᠨ ᠤ ᠬᠡᠪ ᠵᠠᠭᠪᠤᠷ ᠢ ᠬᠡᠷᠡᠭᠵᠢᠭᠦᠯᠦᠨ᠎ᠡ᠃ ᠪᠠᠶᠢᠭᠤᠯᠤᠭᠰᠠᠨ ᠤ ᠳᠠᠷᠠᠭ᠎ᠠ᠂ ᠡᠮᠨᠡᠯᠭᠡ ᠶᠢᠨ ᠬᠤᠷᠢᠶ᠎ᠠ ᠨᠢ ᠥᠪᠥᠷ ᠮᠣᠩᠭᠤᠯ ᠳᠤ ᠰᠠᠭᠤᠷᠢᠯᠠᠬᠤ ᠶᠢᠨ ᠬᠠᠮᠲᠤ ᠮᠠᠨ ᠤ ᠤᠯᠤᠰ ᠤᠨ ᠳᠤᠮᠳᠠ ᠪᠠᠷᠠᠭᠤᠨ ᠬᠡᠰᠡᠭ ᠤᠨ ᠪᠤᠰᠤᠳ ᠭᠠᠵᠠᠷ ᠣᠷᠣᠨ ᠢ ᠨᠥᠯᠥᠭᠡᠯᠡᠵᠦ᠂ ᠮᠠᠨ ᠤ ᠬᠤᠲᠠ ᠶᠢᠨ ᠣᠨᠴᠠᠯᠢᠭᠲᠤ ᠲᠤᠰᠬᠠᠶ ᠰᠠᠯᠠᠭᠠᠨ ᠤ ᠡᠮᠴᠢᠯᠡᠭᠡᠨ ᠤ ᠶᠡᠷᠦᠩᠬᠡᠶᠢᠯᠡᠭᠰᠡᠨ ᠦᠶᠯᠡᠴᠢᠯᠡᠭᠡᠨ ᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠡᠭᠡᠵᠢᠩ ᠥᠪᠥᠷ ᠮᠣᠩᠭᠤᠯ ᠤᠨ ᠡᠮᠴᠢᠯᠡᠭᠡᠨ ᠤ ᠬᠠᠮᠵᠢᠯᠴᠠᠭ᠎ᠠ ᠶᠢᠨ ᠣᠷᠣᠨ ᠤ ᠲᠥᠪ ᠬᠤᠲᠠ ᠶᠢᠨ ᠬᠡᠪ ᠳᠠᠭᠤᠷᠢᠶᠠᠯ ᠢ ᠴᠤᠭᠴᠠᠯᠠᠨ᠎ᠠ᠃     
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ