( ᠰᠤᠷᠪᠤᠯᠵᠢᠯᠠᠭᠴᠢ ᠶᠦᠨ ᠶᠠᠨ ᠹᠠᠩ ) 《 ᠭᠤᠷᠪᠠᠨ ᠵᠢᠯ ᠳᠤ ᠠᠷᠪᠠᠨ ᠲᠠᠪᠤᠨ ᠲᠦᠮᠡᠨ ᠵᠠᠯᠠᠭᠤᠴᠤᠳ ᠢ ᠬᠥᠬᠡᠬᠤᠲᠠ ᠳᠤ ᠦᠯᠡᠳᠡᠭᠡᠬᠦ | ᠠᠵᠢᠯᠯᠠᠭ᠎ᠠ 》 ᠶᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠬᠥᠬᠡᠬᠤᠲᠠ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠲᠣᠬᠢᠷᠠᠭᠤᠯᠤᠨ | ᠬᠤᠳᠠᠯᠳᠤᠬᠤ ᠬᠡᠯᠪᠡᠷᠢ ᠶᠢᠨ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ《 ᠵᠠᠯᠠᠭᠤᠴᠤᠳ ᠤᠨ ᠨᠡᠶᠢᠭᠡᠮ ᠲᠣᠭᠤᠷᠢᠭ 》 ᠢ ᠡᠬᠢᠯᠡᠨ ᠪᠠᠶᠢᠭᠤᠯᠵᠤ᠂ ᠣᠷᠣᠨ | ᠰᠠᠭᠤᠴᠠ ᠶᠢᠨ ᠲᠠᠯ᠎ᠠ ᠪᠠᠷ ᠬᠦᠴᠢᠷᠳᠡᠯᠲᠡᠶ ᠪᠥᠭᠡᠳ ᠣᠷᠣᠯᠭ᠎ᠠ ᠪᠠᠭ᠎ᠠ ᠴᠠᠯᠢᠩ ᠭᠦᠷᠲᠡᠭᠰᠡᠳ ᠵᠢᠴᠢ ᠣᠷᠣᠨ ᠤ ᠲᠥᠪ ᠬᠤᠲᠠ ᠶᠢᠨ ᠬᠥᠭᠵᠢᠯᠲᠡ ᠶᠢᠨ | ᠬᠡᠷᠡᠭᠴᠡᠭᠡ ᠪᠠᠷ ᠲᠠᠲᠠᠨ ᠡᠯᠰᠡᠭᠰᠡᠨ ᠴᠢᠳᠠᠪᠤᠷᠢᠲᠠᠨ ᠵᠡᠷᠭᠡ ᠬᠦᠮᠦᠰ ᠲᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠬᠤ ᠪᠠᠷ ᠪᠠᠶᠢᠨ᠎ᠠ᠃ | ᠰᠤᠷᠪᠤᠯᠵᠢᠯᠠᠭᠴᠢ ᠬᠥᠬᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ | ᠢᠶᠠᠷ᠂ ᠣᠳᠣᠬᠠᠨ ᠳᠤ《 ᠵᠠᠯᠠᠭᠤᠴᠤᠳ ᠤᠨ ᠨᠡᠶᠢᠭᠡᠮ ᠲᠣᠭᠤᠷᠢᠭ 》 ᠨᠢ ᠨᠢᠭᠡᠨᠲᠡ ᠬᠤᠳᠠᠯᠳᠤᠨ ᠠᠪᠬᠤ ᠪᠠᠷ ᠭᠤᠶᠤᠴᠢᠯᠠᠬᠤ ᠳᠡᠩᠰᠡᠯᠡᠯᠲᠡ ᠶᠢ ᠡᠬᠢᠯᠡᠭᠦᠯᠵᠦ᠂ | ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠳᠠᠯᠳᠤᠨ ᠠᠪᠬᠤ ᠪᠠᠷ ᠭᠤᠶᠤᠴᠢᠯᠠᠬᠤ ᠵᠠᠮ ᠢ ᠨᠢᠭᠡᠨᠲᠡ ᠨᠡᠭᠡᠭᠡᠭᠰᠡᠨ ᠪᠠᠶᠢᠨ᠎ᠠ᠃ ᠬᠤᠲᠠ ᠶᠢᠨ ᠠᠷᠠᠳ | ᠸᠢᠴᠠᠲ ᠢᠶᠠᠷ《 ᠬᠥᠬᠡᠬᠤᠲᠠ ᠶᠢᠨ ᠵᠠᠯᠠᠭᠤᠴᠤᠳ ᠤᠨ ᠨᠡᠶᠢᠭᠡᠮ ᠲᠣᠭᠤᠷᠢᠭ 》 ᠤᠨ ᠣᠯᠠᠨ ᠨᠡᠶᠢᠲᠡ ᠶᠢᠨ ᠳ᠋ᠤᠭᠠᠷ ᠢᠶᠠᠷ ᠬᠤᠳᠠᠯᠳᠤᠨ ᠠᠪᠬᠤ ᠪᠠᠷ | ᠳᠠᠩᠰᠠᠯᠠᠭᠤᠯᠵᠤ ᠪᠣᠯᠤᠨ᠎ᠠ᠂ ᠪᠠᠰᠠ ᠵᠠᠯᠠᠭᠤᠴᠤᠳ ᠤᠨ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠲᠥᠪ ᠲᠤ ᠬᠦᠷᠴᠦ ᠰᠦᠯᠵᠢᠶᠡᠨ ᠭᠠᠳᠠᠨᠠᠬᠢ | ᠳᠡᠩᠰᠡᠯᠡᠯᠲᠡ ᠬᠢᠵᠦ ᠪᠣᠯᠤᠨ᠎ᠠ᠃ | 《 ᠵᠠᠯᠠᠭᠤᠴᠤᠳ ᠤᠨ ᠨᠡᠶᠢᠭᠡᠮ ᠲᠣᠭᠤᠷᠢᠭ 》 ᠤᠨ ᠲᠥᠷᠥᠯ ᠵᠦᠶᠯ ᠢ ᠨᠠᠶᠢᠳᠠᠪᠤᠷᠢᠵᠢᠭᠤᠯᠤᠭᠰᠠᠨ ᠨᠢ ᠬᠥᠬᠡᠬᠤᠲᠠ ᠳᠤ ᠢᠷᠡᠭᠰᠡᠨ ᠰᠢᠨ᠎ᠡ ᠰᠠᠭᠤᠭᠠᠯᠢ | ᠠᠷᠠᠳ᠂ ᠵᠠᠯᠠᠭᠤᠴᠤᠳ ᠲᠤ 《 ᠰᠠᠭᠤᠬᠤ ᠠᠴᠠ ᠭᠡᠷ ᠲᠠᠢ ᠪᠠᠶᠢᠬᠤ 》ᠬᠡᠷᠡᠭᠴᠡᠭᠡ ᠶᠢ ᠦᠨᠡᠨ ᠬᠦ ᠬᠠᠩᠭᠠᠵᠤ᠂ ᠬᠥᠬᠡᠬᠤᠲᠠ ᠶᠢᠨ ᠣᠷᠣᠨ ᠰᠠᠭᠤᠴᠠ ᠶᠢᠨ | ᠬᠠᠩᠭᠠᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠯᠠᠭᠤᠴᠤᠳ ᠤᠨ ᠬᠥᠬᠡᠬᠤᠲᠠ ᠳᠤ ᠦᠯᠡᠳᠡᠬᠦ᠂ ᠰᠠᠭᠤᠷᠢᠰᠢᠬᠤ ᠨᠥᠬᠦᠴᠡᠯ ᠢ | ᠦᠷᠭᠦᠯᠵᠢᠯᠡᠨ ᠪᠠᠭᠤᠷᠠᠭᠤᠯᠵᠤ᠂ ᠨᠠᠩ ᠣᠯᠠᠨ ᠵᠠᠯᠠᠭᠤᠴᠤᠳ ᠢ《 ᠨᠢᠭᠡ ᠪᠣᠭᠴᠣ ᠲᠠᠢ ᠢᠷᠡᠵᠦ᠂ ᠨᠢᠭᠡ ᠭᠡᠷ ᠲᠠᠢ ᠪᠣᠯᠵᠤ᠂ ᠨᠢᠭᠡ ᠬᠤᠲᠠ ᠶᠢ ᠪᠠᠶᠢᠭᠤᠯᠬᠤ》 | ᠪᠤᠯᠭᠠᠵᠤ᠂ ᠵᠠᠯᠠᠭᠤᠴᠤᠳ ᠤᠨ ᠦᠰᠦᠨ ᠪᠣᠶᠢᠵᠢᠯᠲᠠ ᠪᠣᠯᠤᠨ ᠬᠤᠲᠠ ᠶᠢᠨ ᠬᠥᠭᠵᠢᠯᠲᠡ ᠶᠢᠨ ᠬᠤᠤᠰ ᠴᠢᠭᠯᠡᠯ ᠢᠶᠠᠷ ᠤᠷᠤᠭᠰᠢᠯᠠᠬᠤ ᠶᠢ ᠪᠡᠶᠡᠯᠡᠭᠦᠯᠪᠡ᠃ |